ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2019/11/14
     ᠨᠢᠭᠡ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠥᠳᠡᠯᠮᠦᠷᠢᠯᠡᠭᠴᠢᠳ ᠲᠤ ᠦᠨ᠎ᠡ ᠲᠥᠯᠥᠪᠦᠷᠢ ᠦᠭᠡᠢ ᠪᠠᠷ ᠶᠠᠮᠠᠷ ᠶᠠᠮᠠᠷ ᠦᠢᠯᠡᠴᠢᠯᠡᠭᠡ ᠬᠠᠩᠭᠠᠵᠤ ᠪᠣᠯᠬᠤ ᠪᠣᠢ︖      ᠬᠠᠷᠢᠭᠤᠯᠲᠠ᠄ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠥᠳᠡᠯᠮᠦᠷᠢᠯᠡᠭᠴᠢᠳ ᠲᠤ ᠳᠣᠣᠷᠠᠬᠢ ᠮᠡᠲᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠄ 1. ᠠᠵᠢᠯ ᠣᠯᠭᠤᠵᠤ ᠠᠳᠠᠯ ᠦᠢᠯᠡᠰ ᠪᠣᠰᠬᠠᠬᠤ᠂ ᠴᠢᠳᠠᠪᠤᠷᠢᠲᠠᠨ ᠤ ᠦᠢᠯᠡᠴᠢᠯᠡᠭᠡ ᠪᠠ ᠬᠥᠳᠡᠯᠮᠦᠷᠢ ᠬᠦᠴᠦᠨ ᠢ ᠬᠡᠷᠡᠭᠯᠡᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠰᠠᠭᠤᠨ ᠯᠠᠪᠯᠠᠯᠲᠠ ᠬᠠᠩᠭᠠᠬᠤ᠂ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠯᠢᠶᠡᠨ ᠠᠪᠴᠤ ᠭᠦᠢᠴᠡᠳᠬᠡᠬᠦ︔ 2. ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ᠂ ᠵᠠᠬ᠎ᠠ ᠳᠡᠯᠭᠡᠭᠦᠷ ᠤᠨ ᠴᠠᠯᠢᠩ ᠬᠥᠯᠥᠰᠦᠨ ᠤ ᠵᠢᠭᠠᠨ ᠵᠢᠯᠣᠭᠤᠳᠬᠤ ᠦᠨ᠎ᠡ ᠶᠢᠨ ᠲᠦᠪᠰᠢᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠳᠠᠳᠤᠯᠭ᠎ᠠ ᠬᠢᠬᠦ ᠠᠵᠢᠯ ᠤᠨ ᠪᠠᠶᠢᠷᠢ ᠵᠡᠷᠭᠡ ᠮᠡᠳᠡᠭᠡ ᠵᠠᠩᠭᠢ ᠶᠢ ᠨᠡᠶᠢᠲᠡᠯᠡᠬᠦ︔ 3. ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ᠂ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠪᠠ ᠠᠳᠠᠯ ᠦᠢᠯᠡᠰ ᠪᠣᠰᠬᠠᠵᠤ ᠠᠵᠢᠯ ᠦᠢᠯᠡᠰ ᠡᠷᠬᠢᠯᠡᠬᠦ ᠵᠢᠭᠠᠨ ᠵᠢᠯᠣᠭᠤᠳᠤᠯᠭ᠎ᠠ᠂ ᠠᠳᠠᠯ ᠦᠢᠯᠡᠰ ᠪᠣᠰᠬᠠᠬᠤ ᠦᠢᠯᠡᠴᠢᠯᠡᠭᠡᠨ ᠤ ᠠᠵᠢᠯᠯᠠᠭ᠎ᠠ︔ 4. ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠤᠰᠬᠠᠢ ᠵᠦᠢᠯ ᠤᠨ ᠠᠵᠢᠯᠯᠠᠭ᠎ᠠ︔ 5. ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ ᠲᠤᠰᠠᠯᠠᠮᠵᠢ ᠶᠢ ᠬᠡᠷᠡᠭᠵᠢᠭᠦᠯᠬᠦ︔ 6. ᠠᠵᠢᠯ ᠣᠯᠭᠤᠬᠤ ᠳᠠᠩᠰᠠᠯᠠᠭᠤᠯᠤᠯᠲᠠ ᠶᠢ ᠭᠦᠢᠴᠡᠳᠬᠡᠬᠦ ︵ᠬᠥᠳᠡᠯᠮᠦᠷᠢ ᠬᠦᠴᠦᠨ ᠢ ᠪᠦᠷᠢᠳᠬᠡᠨ ᠳᠠᠩᠰᠠᠯᠠᠬᠤ︶︔ 7. ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠬᠦ ᠵᠡᠷᠭᠡ ᠠᠵᠢᠯ ᠬᠡᠷᠡᠭ︔ 8.  ᠶᠠᠪᠤᠭᠤᠯ ᠬᠥᠮᠥᠨ ᠠᠮᠠ ᠶᠢᠨ ᠠᠵᠢᠯᠲᠠᠨ ᠤ ᠳᠠᠩᠰᠠ ᠡᠪᠬᠡᠮᠡᠯ ᠢ ᠬᠠᠮᠢᠶᠠᠷᠬᠤ ᠦᠢᠯᠡᠴᠢᠯᠡᠭᠡ︔ 9. ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠪᠠ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ︔ 10.  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠪᠤᠰᠤᠳ ᠦᠢᠯᠡᠴᠢᠯᠡᠭᠡ᠃      ᠬᠤᠶᠠᠷ᠂ ᠠᠵᠢᠯ ᠣᠯᠭᠤᠬᠤ ᠶᠢ ᠳᠠᠩᠰᠠᠯᠠᠨ ᠲᠡᠮᠳᠡᠭᠯᠡᠬᠦ ᠭᠡᠵᠦ ᠶᠠᠭᠤ ᠪᠣᠢ︖      ᠬᠠᠷᠢᠭᠤᠯᠲᠠ᠄ ᠬᠥᠳᠡᠯᠮᠦᠷᠢᠯᠡᠭᠴᠢᠳ ᠠᠴᠠ ᠨᠢᠭᠡᠴᠢ ᠳᠤ ᠠᠵᠢᠯ ᠣᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠡᠢ ᠠᠵᠢᠯ ᠮᠡᠷᠭᠡᠵᠢᠯ ᠤᠨ ᠬᠡᠯᠪᠡᠷᠢ ᠪᠠᠷ ᠠᠵᠢᠯ ᠣᠯᠭᠤᠯᠲᠠ ᠶᠢ ᠪᠡᠶᠡᠯᠡᠭᠦᠯᠦᠭᠰᠡᠨ ᠪᠣᠯ᠂ ᠠᠵᠢᠯ ᠣᠯᠣᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠣᠯᠣᠭᠰᠠᠨ ᠢᠶᠠᠨ ᠳᠠᠩᠰᠠᠯᠠᠭᠤᠯᠤᠨ ᠲᠡᠮᠳᠡᠭᠯᠡᠭᠦᠯᠬᠦ ᠬᠡᠷᠡᠭᠲᠡᠢ᠃ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠬᠦ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ 1. ᠬᠥᠳᠡᠯᠮᠦᠷᠢᠯᠡᠭᠴᠢ  ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠪᠠᠶᠢᠳᠠᠯ ︵ᠪᠡᠶ᠎ᠡ ᠶᠢᠨ ᠭᠡᠷᠡᠴᠢ ᠦᠨᠡᠮᠯᠡᠯ︶︔ 2. ᠠᠵᠢᠯ ᠣᠯᠣᠭᠰᠠᠨ ᠨᠢᠭᠡᠴᠢ ᠶᠢᠨ ᠦᠨᠳᠦᠰᠦᠨ ᠪᠠᠶᠢᠳᠠᠯ︔ 3. ᠠᠵᠢᠯ ᠣᠯᠣᠭᠰᠠᠨ ᠲᠥᠷᠥᠯ ᠬᠡᠯᠪᠡᠷᠢ᠂ ᠠᠵᠢᠯ ᠣᠯᠣᠭᠰᠠᠨ ᠴᠠᠭ ᠤᠨ ᠪᠠᠶᠢᠳᠠᠯ︔ 4. ᠠᠵᠢᠯ ᠣᠯᠣᠭᠰᠠᠨ ᠨᠢᠭᠡᠴᠢ ᠶᠢᠨ ᠬᠥᠳᠡᠯᠮᠦᠷᠢ ᠶᠢᠨ ᠭᠡᠷ᠎ᠡ ᠶᠢ ᠲᠣᠭᠲᠠᠭᠠᠭᠰᠠᠨ᠂ ᠵᠣᠭᠰᠣᠭᠠᠭᠰᠠᠨ ᠪᠤᠶᠤ ᠲᠠᠶᠢᠯᠤᠭᠰᠠᠨ ᠪᠠᠶᠢᠳᠠᠯ ᠵᠡᠷᠭᠡ︔ 5. ᠪᠤᠳᠠᠭᠠᠯᠢ ᠪᠡᠶ᠎ᠡ ᠶᠢᠨ ᠡᠵᠡᠩᠨᠡᠯᠲᠡ ᠬᠢᠵᠦ ᠪᠠᠶᠢᠪᠠᠯ ᠡᠵᠡᠩᠨᠡᠯᠲᠡ ᠶᠢᠨ ᠦᠨᠡᠮᠯᠡᠯ ᠤᠨ  ᠬᠠᠭᠤᠯᠪᠤᠷᠢ  ᠳᠡᠪᠲᠡᠷ ᠪᠠᠶᠢᠬᠤ︔ 6. ︽ᠠᠵᠢᠯ ᠣᠯᠵᠤ ᠠᠳᠠᠯ ᠦᠢᠯᠡᠰ ᠪᠣᠰᠬᠠᠬᠤ ᠦᠨᠡᠮᠯᠡᠯ︾  ᠳᠤ ᠲᠣᠬᠢᠷᠠᠭᠤᠯᠤᠭᠰᠠᠨ ᠪᠤᠰᠤᠳ ᠠᠭᠤᠯᠭ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ