ᠨᠠᠮ ᠤᠨ ᠲᠦᠪ ᠬᠤᠷᠢᠶᠠᠨ ᠤ ᠨᠢᠬᠡᠳᠣᠯᠳᠡᠢ ᠪᠠᠶᠢᠷᠢᠯᠠᠭᠤᠯᠣᠯᠳᠠ ᠶᠣᠰᠣᠭᠠᠷ᠂ 11 ᠰᠠᠷ᠎ᠠ ᠶᠢᠨ 14 ᠤ ᠡᠳᠣᠷ᠂ | ᠲᠦᠪ ᠤᠨ ᠣᠬᠠᠭᠤᠯᠣᠨ ᠳᠠᠶᠢᠯᠪᠣᠷᠢᠯᠠᠬᠤ ᠪᠦᠯᠬᠦᠮ ᠤᠨ ᠨᠠᠮ ᠤᠨ ᠠᠷᠪᠠ ᠶᠢᠰᠣᠳᠣᠬᠡᠷ ᠬᠤᠭᠤᠴᠠᠭᠠᠨ ᠤ ᠲᠦᠪ | ᠬᠤᠷᠢᠶᠠᠨ ᠤ ᠲᠦᠷᠪᠡᠳᠣᠬᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠣᠬᠠᠭᠤᠯᠣᠨ ᠳᠠᠶᠢᠯᠪᠣᠷᠢᠯᠠᠬᠤ | ᠮᠡᠳᠡᠬᠦᠯᠤᠯᠳᠡ ᠶᠢᠨ ᠬᠤᠷᠠᠯ ᠬᠦᠬᠡᠬᠤᠳᠠ ᠳᠤ ᠶᠠᠪᠣᠭᠳᠠᠪᠠ᠃ ᠲᠦᠪ ᠤᠨ ᠣᠬᠠᠭᠤᠯᠣᠨ ᠳᠠᠶᠢᠯᠪᠣᠷᠢᠯᠠᠬᠤ | ᠪᠦᠯᠬᠦᠮ ᠤᠨ ᠪᠦᠷᠢᠯᠳᠣᠬᠦᠨ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ | ᠣᠬᠠᠭᠤᠯᠣᠨ ᠳᠠᠶᠢᠯᠪᠣᠷᠢᠯᠠᠬᠤ ᠮᠡᠳᠡᠬᠦᠯᠤᠯᠳᠡ ᠬᠢᠪᠡ᠃ ᠲᠡᠷᠡ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ | ᠨᠠᠮ ᠤᠨ ᠲᠦᠪ ᠬᠤᠷᠢᠶᠠᠨ ᠤ ᠲᠣᠭᠤᠷᠢᠨ ᠳᠤ ᠨᠡᠩ ᠨᠢᠭᠳᠠᠷᠠᠨ ᠪᠦᠯᠬᠦᠮᠳᠡᠵᠤ᠂ ᠢᠳᠡᠭᠡᠯ ᠵᠣᠷᠢᠭ ᠢᠶᠠᠨ ᠪᠠᠳᠣᠳᠬᠠᠨ᠂ | ᠲᠣᠭᠲᠠᠯ ᠬᠦᠴᠤᠨ ᠢᠶᠠᠨ ᠪᠠᠳᠣᠯᠠᠵᠤ᠂ ᠡᠷᠡᠮᠡᠭᠡᠶᠢᠯᠡᠨ ᠳᠠᠪᠰᠢᠵᠤ᠂ ᠵᠠᠮ ᠨᠡᠭᠡᠭᠡᠨ ᠰᠢᠨ᠎ᠡ ᠶᠢ ᠡᠬᠦᠳᠴᠣ᠂ ᠨᠠᠮ ᠤᠨ | ᠠᠷᠪᠡ ᠶᠢᠰᠣᠳᠣᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠣᠭᠡᠷ ᠪᠦᠭᠦᠳᠡ ᠬᠤᠷᠠᠯ ᠠᠴᠠ ᠲᠣᠭᠳᠠᠭᠠᠭᠰᠠᠨ | ᠡᠯ᠎ᠡ ᠵᠦᠢᠯ ᠤᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠳᠦᠷᠢᠮ ᠤᠨ ᠰᠢᠨ᠎ᠡ ᠡᠭᠦᠳᠦᠯᠲᠡ ᠪᠣᠯᠤᠨ ᠵᠠᠰᠠᠯᠲᠠ | ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ | ᠢᠶᠠᠨ ᠪᠦᠲᠦᠭᠡᠨ ᠪᠠᠶᠢᠭᠤᠯᠵᠣ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠰᠢᠨ᠎ᠡ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠡᠰᠡᠭ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠭᠳᠠᠭᠰᠠᠨ | ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠢ᠃ | ᠲᠣᠰ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ | ᠲᠣᠭᠤᠷᠢᠭ ᠤᠨ ᠬᠤᠷᠠᠯ ᠤᠨ ᠲᠥᠪ ᠤᠨ ᠣᠯᠠᠨ ᠴᠢᠳᠠᠪᠬᠢᠳᠦ ᠲᠢᠩᠬᠢᠮ ᠳᠤ ᠬᠥᠮᠦᠰ ᠳᠦᠭᠦᠷᠳᠡᠯᠠ ᠰᠠᠭᠤᠵᠠᠢ᠃ | ᠮᠡᠳᠡᠬᠦᠯᠦᠯᠳᠠ ᠶᠢᠨ ᠬᠤᠷᠠᠯ ᠳᠡᠭᠡᠷ᠎ᠠ᠂ ᠱᠢ ᠲᠠᠢ ᠹᠧᠩ ᠪᠥᠬᠦᠳᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ | ᠭᠤᠤᠯ ᠰᠡᠳᠦᠪ᠂ ᠬᠤᠷᠠᠯᠳᠤᠭᠤᠯᠤᠭᠰᠠᠨ ᠣᠨᠴᠠᠭᠠᠢ ᠴᠠᠭ ᠲᠣᠬᠢᠶᠠᠯ᠂ ᠭᠠᠷᠭᠠᠭᠰᠠᠨ ᠰᠢᠢᠳᠪᠣᠷᠢᠳᠣ ᠪᠣᠳᠣᠯᠭ᠎ᠠ | ᠪᠠᠶᠢᠷᠢᠯᠠᠭᠤᠯᠤᠯᠲᠠ ᠪᠠ ᠳ᠋ᠦᠩᠨᠡᠭᠰᠡᠨ ᠬᠥᠭᠵᠢᠯᠲᠡ ᠶᠢᠨ ᠠᠮᠵᠢᠯᠲᠠ ᠪᠦᠲᠦᠮᠵᠢ ᠵᠡᠷᠭᠡ ᠳᠥᠷᠪᠡᠨ ᠲᠠᠯ᠎ᠠ ᠶᠢᠨ | ᠲᠣᠭᠤᠷᠢᠨ ᠳᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ | ᠥᠭᠦᠯᠡᠭᠰᠡᠨ ᠪᠠᠶᠢᠨ᠎ᠠ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠪᠣᠯ ᠮᠠᠨ ᠤ ᠨᠠᠮ ᠤᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ | ᠲᠡᠤᠬᠡᠨ ᠠᠭᠤᠯᠵᠠᠷ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠂ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠳᠤ᠂ ᠮᠠᠨ ᠤ ᠤᠯᠤᠰ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ | ᠦᠶ᠎ᠠ ᠳᠤ ᠤᠷᠤᠬᠰᠠᠨ ᠦᠶᠡᠰ ᠲᠤ ᠬᠤᠷᠠᠯᠳᠤᠭᠤᠯᠤᠭᠰᠠᠨ ᠨᠢᠭᠡ ᠤᠳᠠᠭᠠᠨ ᠤ ᠪᠦᠳᠦᠭᠡᠯᠴᠢ ᠴᠢᠨᠠᠷᠳᠠᠢ᠂ ᠬᠦᠰᠢᠶ᠎ᠠ | ᠲᠡᠮᠳᠡᠭ ᠤᠨ ᠠᠴᠢ ᠬᠤᠯᠪᠣᠭᠳᠠᠯ ᠪᠦᠬᠦᠢ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠤᠨ ᠲᠤᠬᠠᠢ | ᠭᠤᠤᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠪᠠ᠂ ᠡᠨᠡ ᠪᠣᠯ ᠰᠢ ᠶᠢᠨ ᠫᠢᠩ ᠨᠥᠬᠦᠷ ᠢᠶᠠᠷ | ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠲᠥᠷᠦ ᠶᠢᠨ ᠲᠠᠯ᠎ᠠ ᠠᠴᠠ᠂ ᠪᠦᠬᠦ ᠲᠠᠯ᠎ᠠ ᠠᠴᠠ᠂ | ᠪᠠᠶᠢᠯᠳᠤᠬᠤ ᠪᠣᠳᠣᠯᠭ᠎ᠠ ᠶᠢᠨ ᠡᠬᠦᠳᠡᠨ ᠠᠴᠠ ᠪᠦᠬᠦ ᠲᠠᠯ᠎ᠠ ᠶᠢ ᠪᠣᠳᠣᠯᠬᠢᠯᠠᠵᠤ᠂ ᠣᠳᠣᠬᠠᠨ ᠤ ᠪᠠᠶᠢᠳᠠᠯ ᠳᠤ | ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠰᠢᠢᠳᠪᠣᠷᠢᠳᠣ ᠪᠣᠳᠣᠯᠭ᠎ᠠ᠂ | ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠭᠤᠤᠯᠳᠠᠯᠭ᠎ᠠ ᠲᠠᠢ ᠡᠭᠦᠷᠭᠡ᠂ ᠰᠢᠨ᠎ᠡ ᠴᠠᠭ | ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠤᠷᠤᠭᠰᠢ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ᠂ ᠠᠶᠤᠯ | ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠰᠠᠨᠠᠭᠠᠴᠢᠯᠠᠭᠠᠲᠤ ᠡᠷᠬᠡ ᠶᠢ ᠣᠯᠬᠤ ᠶᠢᠨ ᠬᠦᠴᠦᠲᠡᠶ ᠪᠠᠲᠤᠯᠠᠭ᠎ᠠ | ᠪᠣᠯᠤᠨ᠎ᠠ᠃ ᠪᠥᠬᠦᠳᠡ ᠬᠤᠷᠠᠯ ᠠᠴᠠ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ | ᠰᠢᠰᠲ᠋ᠧᠮ ᠳᠤ ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ ᠭᠡᠬᠦ ᠴᠢᠬᠤᠯᠠ | ᠶᠡᠭᠡ ᠤᠯᠤᠰ ᠲᠥᠷᠥ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠮᠠᠨ ᠤ ᠤᠯᠤᠰ ᠤᠨ ᠤᠯᠤᠰ ᠤᠨ | ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠵᠢᠷᠤᠭ ᠲᠦᠰᠦᠪ ᠢ | ᠵᠢᠷᠤᠭᠯᠠᠵᠤ᠂ ᠪᠦᠬᠦ ᠨᠠᠮ᠂ ᠪᠦᠬᠦ ᠤᠯᠤᠰ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠨᠠᠩ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠣᠯᠭᠠᠬᠤ ᠢᠲᠡᠭᠡᠯ ᠵᠣᠷᠢᠭ ᠪᠠ ᠴᠢᠳᠠᠪᠤᠷᠢ ᠲᠠᠢ | ᠪᠠᠶᠢᠬᠤ ᠪᠠᠨ ᠲᠦᠪ ᠴᠢᠩᠭ᠎ᠠ ᠪᠠᠷ ᠲᠤᠩᠬᠠᠬᠯᠠᠪᠠ᠃ ᠪᠢᠳᠡ ᠪᠥᠬᠦᠳᠡ ᠬᠤᠷᠠᠯ ᠤᠨ ᠴᠢᠬᠤᠯᠠ ᠶᠡᠭᠡ ᠠᠴᠢ | ᠬᠤᠯᠪᠣᠭᠳᠠᠯ ᠢ ᠬᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ | ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ ᠭᠡᠪᠡ᠃ | ᠱᠢ ᠲᠠᠢ ᠹᠧᠩ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠤᠨ | ᠵᠠᠰᠠᠯᠲᠠ ᠶᠢᠨ ᠰᠢᠰᠲ᠋ᠧᠮ ᠤᠨ ᠢᠯᠡᠷᠬᠡᠢ ᠳᠠᠪᠠᠭᠤᠯᠢᠭ ᠢ ᠭᠦᠨᠵᠡᠭᠡᠶ ᠳᠤᠳᠤᠷᠬᠠᠢᠢᠯᠠᠨ ᠦᠭᠦᠯᠡᠪᠡ᠃ ᠲᠡᠷᠡ᠂ | ᠪᠥᠬᠦᠳᠡ ᠬᠤᠷᠠᠯ ᠠᠴᠠ ᠰᠢᠰᠲ᠋ᠧᠮ ᠲᠠᠢ ᠳ᠋ᠦᠩᠨᠡᠭᠰᠡᠨ 13 ᠲᠠᠯ᠎ᠠ ᠶᠢᠨ ᠳᠠᠪᠠᠭᠤᠯᠢᠭ ᠢ ᠣᠶᠢᠯᠠᠭᠠᠨ ᠡᠵᠡᠮᠳᠡᠬᠦ ᠳᠤ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ | ᠰᠤᠷᠤᠯᠴᠠᠨ ᠡᠵᠡᠮᠰᠢᠬᠦ ᠪᠠᠷ ᠳᠠᠮᠵᠢᠨ᠂ ᠦᠨᠡᠯᠡᠨ ᠮᠠᠭᠠᠳᠯᠠᠵᠦ ᠡᠵᠡᠮᠳᠡᠬᠦ ᠪᠠᠷᠢᠮᠵᠢᠶ᠎ᠠ᠂ ᠤᠯᠠᠷᠢᠨ ᠬᠤᠪᠢᠷᠠᠵᠤ | ᠪᠦᠷᠢᠯᠳᠦᠬᠦ ᠵᠢᠮ᠎ᠡ ᠶᠣᠰᠣ᠂ ᠰᠢᠨᠵᠢ ᠴᠢᠨᠠᠷ ᠪᠣᠯᠤᠨ ᠦᠪᠡᠷ ᠢ ᠪᠠᠨ ᠲᠡᠬᠦᠯᠳᠡᠷᠵᠢᠬᠦᠯᠬᠦ ᠴᠢᠳᠠᠪᠤᠷᠢ ᠵᠡᠷᠭᠡ ᠠᠰᠠᠭᠤᠳᠠᠯ | ᠢ ᠲᠤᠳᠤᠷᠬᠠᠢ ᠡᠮᠬᠢᠯᠡᠵᠦ᠂ ᠳᠤᠮᠳᠠᠳᠤ ᠶᠢᠨ ᠪᠣᠯᠪᠠᠰᠤᠨ ᠤ ᠲᠡᠤᠬᠡ᠂ ᠳᠤᠮᠳᠠᠳᠤ ᠤᠯᠤᠰ ᠤᠨ ᠬᠥᠭᠵᠢᠯᠲᠡ ᠶᠢᠨ | ᠲᠡᠤᠬᠡ ᠪᠠ ᠨᠠᠮ ᠤᠨ ᠲᠡᠮᠡᠴᠡᠯ ᠤᠨ ᠲᠡᠤᠬᠡ ᠲᠠᠢ ᠤᠶᠠᠯᠳᠤᠭᠤᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠭᠦᠨ ᠵᠤᠵᠠᠭᠠᠨ ᠲᠡᠤᠬᠡ ᠶᠢᠨ ᠤᠤᠷ | ᠲᠤᠨᠤᠳᠠᠰᠤ ᠶᠢ ᠭᠦᠨᠵᠡᠭᠡᠶ ᠣᠶᠢᠯᠠᠭᠠᠨ ᠡᠵᠡᠮᠰᠢᠵᠦ᠂ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ | ᠡᠬᠦᠳᠦᠭᠰᠡᠨ ᠠᠵᠤ ᠠᠬᠤᠢ ᠲᠦᠷᠭᠡᠨ ᠬᠦᠭᠵᠢᠵᠦ᠂ ᠨᠡᠶᠢᠭᠡᠮ ᠤᠷᠳᠤ ᠬᠤᠭᠤᠴᠠᠭ᠎ᠠ ᠪᠠᠷ ᠲᠤᠭᠳᠠᠭᠤᠨ ᠪᠠᠶᠢᠬᠤ | ᠬᠤᠶᠠᠷ ᠶᠡᠭᠡ ᠭᠠᠶᠢᠬᠠᠮᠰᠢᠭ ᠠᠴᠠ ᠭᠠᠷᠳᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠡᠯᠪᠡᠭ ᠪᠠᠶᠠᠯᠢᠭ ᠦᠢᠯᠡᠳᠣᠯᠬᠡ ᠶᠢᠨ ᠦᠷ᠎ᠡ ᠪᠦᠲᠦᠭᠡᠯ | ᠢ ᠭᠦᠨᠵᠡᠭᠡᠶ ᠣᠶᠢᠯᠠᠭᠠᠨ ᠡᠵᠡᠮᠰᠢᠬᠦ ᠬᠡᠷᠡᠭᠲᠡᠶ᠃ ᠪᠢᠳᠡ ᠤᠯᠤᠰ ᠲᠥᠷᠥ ᠶᠢᠨ ᠲᠠᠯ᠎ᠠ ᠪᠠᠷ ᠬᠢ ᠮᠡᠷᠭᠡᠨ ᠬᠥᠮᠦᠨ | ᠪᠣᠯᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠤᠷ᠎ᠠ ᠪᠦᠷ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠵᠡᠬᠦᠨ ᠪᠠᠷᠠᠭᠤᠨ ᠡᠮᠦᠨ᠎ᠠ ᠤᠮᠠᠷ᠎ᠠ ᠶᠢᠨ ᠰᠡᠯᠬᠢᠨ ᠬᠡᠷᠬᠢᠨ ᠦᠯᠢᠶᠡᠭᠰᠡᠨ ᠴᠤ᠂ ᠮᠢᠩᠭᠠᠨᠳᠠ ᠳᠠᠪᠳᠠᠵᠤ ᠲᠦᠮᠡᠨᠳᠡ | ᠳᠠᠭᠠᠷᠢᠭᠰᠠᠨ ᠴᠦ ᠤᠶᠠᠨ ᠬᠠᠳᠠᠨ ᠬᠡᠪ ᠢᠶᠠᠷ ᠢᠶᠠᠨ ᠪᠠᠶᠢᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠠᠢ᠃ | ᠱᠢ ᠲᠠᠢ ᠹᠧᠩ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ | ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ | ᠤᠳᠤᠬᠢᠴᠢᠯᠠᠯᠳᠠ ᠶᠢ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠶᠡᠷᠦᠩᠬᠡᠢ ᠬᠠᠷᠠᠯᠳᠠ ᠪᠤᠯᠤᠨ ᠭᠤᠤᠯᠳᠠᠯᠭ᠎ᠠ ᠲᠠᠢ | ᠡᠭᠦᠷᠭᠡ ᠶᠢ ᠪᠦᠬᠦ ᠲᠠᠯ᠎ᠠ ᠪᠠᠷ ᠲᠤᠳᠤᠷᠬᠠᠢᠢᠯᠠᠨ ᠲᠠᠶᠢᠯᠪᠤᠷᠢᠯᠠᠪᠠ᠃ ᠲᠡᠷᠡ᠂ ᠪᠦᠭᠦᠳᠡ ᠬᠤᠷᠠᠯ ᠠᠴᠠ ᠳᠤᠷᠠᠳᠤᠭᠰᠠᠨ | ᠶᠡᠷᠦᠩᠬᠡᠢ ᠱᠠᠭᠠᠷᠳᠠᠯᠭ᠎ᠠ ᠪᠤᠯᠤᠨ ᠶᠡᠷᠦᠩᠬᠡᠢ ᠬᠠᠷᠠᠯᠳᠠ ᠨᠢ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠶᠢ | ᠴᠢᠬᠤᠯᠠᠴᠢᠯᠠᠭᠰᠠᠨ ᠪᠦᠭᠡᠳ ᠴᠢᠬᠤᠯᠠ ᠶᠡᠭᠡ ᠴᠢᠭᠯᠡᠯᠳᠡ ᠵᠠᠷᠴᠢᠮ ᠢ ᠳᠤᠳᠤᠷᠬᠠᠢᠢᠯᠠᠵᠤ᠂ ᠦᠨᠳᠦᠰᠦᠨ ᠪᠤᠳᠤᠯᠬᠢᠯᠠᠯ ᠢ | ᠲᠤᠳᠤᠷᠬᠠᠢ ᠦᠭᠦᠯᠡᠭᠰᠡᠨ ᠪᠦᠭᠡᠳ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ ᠪᠠᠨ ᠲᠤᠭᠳᠠᠭᠠᠵᠤ᠂ ᠵᠠᠮ ᠱᠤᠭᠤᠮ | ᠤᠨ ᠵᠢᠷᠤᠭ ᠪᠠᠶᠢᠬᠤ ᠪᠦᠭᠡᠳ ᠴᠠᠭ ᠤᠨ ᠬᠦᠰᠦᠨᠦᠭᠳᠤ ᠴᠤ ᠪᠠᠶᠢᠵᠤ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ | ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠶᠡᠷᠦᠩᠬᠡᠢ | ᠴᠢᠭᠯᠡᠯ ᠪᠠ ᠶᠡᠷᠦᠩᠬᠡᠢ ᠵᠢᠷᠤᠮᠯᠠᠯ ᠮᠦᠨ᠃ ᠪᠦᠭᠦᠳᠡ ᠬᠤᠷᠠᠯ ᠠᠴᠠ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠳᠠ ᠨᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠭᠳᠠᠭᠠᠭᠰᠠᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠪᠤᠯᠤᠨ | ᠭᠤᠤᠯᠳᠠᠯᠭ᠎ᠠ ᠲᠠᠢ ᠡᠭᠦᠷᠭᠡ ᠶᠢ ᠭᠦᠢᠴᠡᠳ ᠢᠯᠡᠷᠡᠭᠦᠯᠵᠦ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠬᠦᠭᠵᠢᠭᠦᠯᠬᠦ ᠶᠢᠨ ᠳᠦᠷᠢᠮ ᠤᠨ ᠲᠠᠯ᠎ᠠ ᠶᠢᠨ | ᠪᠤᠳᠠᠳᠠᠢ ᠬᠡᠷᠡᠭᠵᠢᠭᠦᠯᠦᠯᠳᠡ ᠮᠦᠨ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ᠂ ᠤᠯᠤᠰ | ᠤᠨ ᠵᠠᠰᠠᠯᠳᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠭᠤᠤᠯ ᠰᠢᠪᠳᠤᠯᠤᠯᠳᠠ ᠶᠢᠨ ᠴᠢᠭᠯᠡᠯ ᠪᠠ ᠬᠦᠴᠦᠯᠡᠬᠦ ᠴᠡᠭ | ᠮᠦᠨ᠃ ᠪᠢᠳᠡ ᠭᠦᠨᠵᠡᠭᠡᠢ ᠤᠢᠢᠯᠠᠭᠠᠵᠤ᠂ ᠤᠨᠤᠪᠴᠢᠳᠠᠢ ᠡᠵᠡᠮᠳᠡᠵᠤ᠂ ᠨᠠᠮ ᠪᠤᠯᠤᠨ ᠤᠯᠤᠰ ᠤᠨ ᠦᠢᠯᠡᠰ ᠤᠨ | ᠳᠦᠷᠢᠮ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ ᠠᠵᠢᠯ ᠢᠶᠠᠨ ᠰᠠᠶᠢᠳᠤᠷ ᠬᠢᠬᠦ ᠬᠡᠷᠡᠭᠳᠠᠢ ᠭᠡᠪᠡ᠃ | ᠱᠢ ᠲᠠᠢ ᠹᠧᠩ᠂ ᠪᠢᠳᠡ ᠨᠠᠮ ᠤᠨ ᠲᠦᠪ ᠬᠤᠷᠢᠶᠠᠨ ᠤ ᠨᠢᠭᠡᠳᠦᠯᠳᠠᠢ ᠤᠳᠤᠷᠢᠳᠤᠯᠭ᠎ᠠ ᠳᠤᠤᠷ᠎ᠠ᠂ ᠰᠢᠨᠵᠢᠯᠡᠬᠦ | ᠤᠬᠠᠭᠠᠨᠴᠢ ᠪᠠᠷ ᠲᠦᠯᠦᠪᠵᠢᠭᠦᠯᠵᠤ᠂ ᠨᠠᠷᠢᠯᠢᠭ ᠵᠤᠬᠢᠶᠠᠨ ᠪᠠᠶᠢᠭᠤᠯᠵᠤ᠂ ᠬᠤᠯᠠ ᠤᠢᠢᠷ᠎ᠠ ᠶᠢ ᠤᠶᠠᠯᠳᠤᠭᠤᠯᠤᠨ᠂ | ᠪᠦᠬᠦᠯᠢ ᠴᠤᠭᠴᠠ ᠪᠠᠷ ᠨᠢ ᠠᠬᠢᠭᠤᠯᠵᠤ᠂ ᠪᠦᠭᠦᠳᠡ ᠬᠤᠷᠠᠯ ᠤᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠪᠤᠳᠠᠳᠠᠢ ᠳᠤ ᠲᠤᠭᠤᠰᠢᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ | ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠤᠳᠤᠷᠢᠳᠬᠤ᠂ ᠬᠢᠨᠠᠨ ᠡᠵᠡᠮᠳᠡᠬᠦ | ᠦᠢᠯᠡᠳᠦᠯ ᠢᠶᠠᠨ ᠨᠡᠩ ᠰᠠᠶᠢᠳᠦᠷ ᠪᠠᠳᠠᠷᠠᠭᠤᠯᠵᠤ᠂ ᠡᠯ᠎ᠠ ᠵᠦᠢᠯ ᠤᠨ ᠠᠵᠢᠯ ᠢ ᠠᠬᠢᠭᠤᠯᠬᠤ ᠳᠠᠭᠠᠨ ᠪᠦᠷ | ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠢ ᠵᠢᠷᠤᠮᠯᠠᠵᠤ᠂ ᠡᠯ᠎ᠠ ᠵᠦᠢᠯ ᠤᠨ ᠦᠢᠯᠡᠰ ᠤᠨ | ᠬᠦᠭᠵᠢᠯᠳᠡ ᠢᠮᠠᠭᠳᠠ ᠵᠦᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠬᠤ ᠬᠡᠷᠡᠭᠳᠠᠢ᠃ ᠡᠯ᠎ᠠ | ᠱᠠᠳᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠵᠤᠭᠰᠤᠴᠠ ᠪᠤᠯᠤᠨ ᠤᠯᠤᠰ ᠲᠦᠷᠦ ᠶᠢᠨ ᠴᠢᠳᠠᠪᠤᠷᠢ ᠪᠠᠨ | ᠳᠡᠭᠡᠭᠰᠢᠯᠡᠭᠦᠯᠵᠤ᠂ ᠠᠰᠠᠭᠤᠳᠠᠯ ᠢ ᠪᠤᠳᠤᠯᠬᠢᠯᠠᠬᠤ᠂ ᠰᠢᠢᠳᠪᠦᠷᠢᠳᠤ ᠪᠤᠳᠤᠯᠭ᠎ᠠ ᠭᠠᠷᠭᠠᠬᠤ᠂ | ᠨᠠᠶᠢᠳᠠᠪᠤᠷᠢᠵᠢᠭᠤᠯᠤᠯᠳᠠ ᠶᠢ ᠠᠳᠬᠤᠬᠤ ᠳᠠᠭᠠᠨ ᠴᠦᠮ ᠤᠬᠠᠮᠰᠠᠷ ᠠᠴᠠ ᠪᠠᠨ ᠳᠦᠷᠢᠮ ᠢᠶᠠᠷ ᠪᠠᠷᠢᠮᠵᠢᠶᠠᠯᠠᠨ | ᠬᠠᠷᠭᠤᠭᠤᠯᠵᠤ᠂ ᠴᠢᠭᠯᠡᠯ ᠤᠨ ᠴᠢᠨᠠᠷᠳᠠᠢ ᠠᠰᠠᠭᠤᠳᠠᠯ ᠳᠤ ᠡᠷᠬᠡᠪᠰᠢ ᠡᠳᠡᠭᠡᠷ ᠳᠦᠷᠢᠮ ᠢᠶᠠᠷ ᠪᠠᠷᠢᠮᠵᠢᠶ᠎ᠠ ᠪᠤᠯᠭᠠᠵᠤ᠂ | ᠪᠠᠶᠢᠭᠤᠯᠤᠯ ᠤᠨ ᠲᠠᠯ᠎ᠠ ᠶᠢᠨ ᠵᠠᠷᠴᠢᠮ ᠤᠨ ᠴᠢᠨᠠᠷᠳᠠᠢ ᠠᠰᠠᠭᠤᠳᠠᠯ ᠳᠤ ᠡᠷᠬᠡᠪᠰᠢ ᠲᠤᠭ ᠳᠡᠮᠳᠡᠭ ᠳᠤᠳᠤᠷᠬᠠᠢ᠂ | ᠵᠤᠭᠰᠤᠴᠠ ᠪᠠᠳᠤ ᠴᠢᠩᠭ᠎ᠠ ᠪᠠᠶᠢᠵᠤ᠂ ᠦᠴᠦᠬᠡᠨ ᠴᠤ ᠠᠯᠳᠠᠭ᠎ᠠ ᠵᠦᠷᠢᠶ᠎ᠠ ᠭᠠᠷᠭᠠᠵᠤ ᠪᠤᠯᠬᠤ ᠦᠭᠡᠢ᠃ ᠡᠯ᠎ᠠ | ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠲᠤᠰ ᠭᠠᠵᠠᠷ ᠤᠷᠤᠨ ᠲᠤᠰ ᠰᠠᠯᠠᠭ᠎ᠠ | ᠮᠦᠴᠢᠷ ᠲᠤᠰ ᠪᠠᠶᠢᠭᠤᠯᠭ᠎ᠠ ᠨᠢᠭᠡᠴᠢ ᠶᠢᠨ ᠢᠶᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠰᠢᠰᠲ᠋ᠧᠮ ᠲᠠᠢ | ᠡᠮᠬᠢᠯᠡᠨ ᠰᠤᠳᠤᠯᠵᠤ᠂ ᠨᠠᠷᠢᠨ ᠨᠢᠭᠳᠠ ᠮᠦᠷᠳᠡᠨ ᠨᠠᠶᠢᠳᠠᠪᠤᠷᠢᠵᠢᠭᠤᠯᠵᠤ᠂ ᠢᠳᠡᠪᠬᠢᠳᠠᠢ ᠪᠠᠷ ᠰᠢᠨ᠎ᠠ ᠶᠢ ᠡᠭᠦᠳᠦᠨ | ᠰᠦᠪᠡᠭᠴᠢᠯᠡᠵᠤ᠂ ᠵᠤᠬᠢᠶᠠᠨ ᠪᠠᠶᠢᠭᠤᠯᠤᠨ ᠠᠬᠢᠭᠤᠯᠬᠤ ᠡᠯ᠎ᠠ ᠲᠠᠯ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ | ᠬᠢᠬᠦ ᠬᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠵᠢᠴᠢ ᠡᠯ᠎ᠠ ᠱᠠᠳᠤᠨ ᠤ | ᠤᠳᠤᠷᠢᠳᠬᠤ ᠺᠠᠳ᠋ᠷ ᠳᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠳᠦᠷᠢᠮ ᠤᠨ ᠡᠷᠬᠡ ᠰᠦᠷ ᠢ | ᠲᠦᠷᠦᠭᠦᠯᠡᠨ ᠬᠠᠮᠠᠭᠠᠯᠠᠵᠤ᠂ ᠳᠦᠷᠢᠮ ᠤᠨ ᠬᠡᠷᠡᠭᠵᠢᠭᠦᠯᠤᠯᠳᠡ ᠶᠢ ᠬᠢᠨᠠᠯᠳᠠ ᠲᠠᠯᠪᠢᠬᠤ ᠪᠦᠬᠦᠨ ᠢ ᠬᠠᠮᠤᠷᠤᠭᠰᠠᠨ | ᠲᠤᠭᠳᠠᠴᠠ ᠶᠢ ᠪᠠᠶᠢᠭᠤᠯᠵᠤ᠂ ᠵᠠᠷᠯᠢᠭ ᠪᠠᠶᠢᠭᠠᠳ ᠭᠦᠢᠴᠡᠳᠭᠡᠬᠦ ᠦᠭᠡᠢ᠂ ᠴᠠᠭᠠᠵᠠ ᠪᠠᠶᠢᠭᠠᠳ ᠳᠠᠭᠠᠬᠤ ᠦᠭᠡᠢ᠂ | ᠢᠯᠠ ᠪᠠᠷ ᠬᠦᠷᠢᠶᠡᠯᠡᠵᠤ ᠳᠠᠯᠳᠠᠭᠤᠷ ᠵᠦᠷᠢᠴᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠳᠦᠷᠢᠮ | ᠤᠨ ᠬᠡᠵᠢᠶᠡᠳᠡ ᠡᠷᠬᠡ ᠰᠦᠷ ᠲᠠᠢ᠂ ᠬᠠᠮᠢᠭ᠎ᠠ ᠴᠤ ᠬᠦᠴᠦᠨ ᠲᠠᠢ ᠪᠠᠶᠢᠬᠤ ᠶᠢ ᠪᠠᠳᠤᠯᠠᠬᠤ ᠬᠡᠷᠡᠭᠳᠠᠢ᠃ ᠡᠯ᠎ᠠ ᠱᠠᠳᠤᠨ | ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ | ᠨᠢᠮᠪᠠᠢ ᠲᠤᠬᠢᠷᠠᠭᠤᠯᠵᠤ᠂ ᠰᠤᠷᠤᠯᠴᠠᠯᠭ᠎ᠠ ᠪᠤᠯᠪᠠᠰᠤᠷᠠᠯ ᠢ ᠦᠷᠭᠦᠯᠵᠢᠯᠡᠨ ᠰᠠᠶᠢᠳᠤᠷ ᠠᠳᠬᠤᠵᠤ᠂ ᠤᠬᠠᠭᠤᠯᠤᠨ | ᠲᠠᠶᠢᠯᠪᠤᠷᠢᠯᠠᠬᠤ ᠶᠢ ᠦᠷᠭᠡᠨ ᠢᠶᠠᠷ ᠦᠷᠨᠢᠭᠦᠯᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ᠂ ᠬᠦᠮᠦᠰ ᠤᠨ ᠰᠡᠳᠭᠢᠯ ᠳᠤ | ᠬᠠᠳᠠᠩᠰᠢᠭᠤᠯᠬᠤ᠂ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ | ᠮᠡᠳᠡᠭᠦᠯᠦᠯᠳᠡ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠱᠢ ᠲᠠᠢ ᠹᠧᠩ ᠲᠤᠬᠠᠢ ᠶᠢᠨ ᠲᠠᠯᠠᠪᠠᠢ ᠶᠢᠨ ᠶᠡᠭᠡ | ᠳᠡᠭᠡᠳᠤ ᠰᠤᠷᠭᠠᠭᠤᠯᠢ ᠶᠢᠨ ᠤᠶᠤᠳᠠᠳ ᠤᠨ ᠲᠦᠯᠦᠭᠡᠯᠡᠭᠴᠢᠳ ᠲᠠᠢ ᠰᠠᠨᠠᠯ ᠢᠶᠠᠨ ᠨᠢᠭᠤᠷᠳᠠᠨ ᠰᠤᠯᠢᠯᠴᠠᠵᠤ᠂ ᠤᠯᠠᠨ | ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠲᠠᠶᠢᠯᠪᠤᠷᠢᠯᠠᠨ ᠬᠠᠷᠢᠭᠤᠯᠪᠠ᠃ | ᠮᠡᠳᠡᠭᠦᠯᠦᠯᠳᠡ ᠶᠢᠨ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠦᠪᠡᠷᠳᠡᠭᠡᠨ ᠵᠠᠰᠠᠬᠤ | ᠤᠷᠤᠨ ᠤ ᠡᠯ᠎ᠠ ᠬᠡᠯᠳᠡᠰ᠂ ᠬᠤᠷᠢᠶ᠎ᠠ᠂ ᠠᠯᠪᠠᠨ ᠭᠡᠷ᠂ ᠲᠢᠩᠭᠢᠮ᠂ ᠲᠤᠪᠴᠢᠶ᠎ᠠ᠂ ᠠᠷᠠᠳ ᠤᠨ ᠪᠦᠯᠬᠦᠮ᠂ | ᠬᠦᠬᠡᠬᠤᠳᠠ ᠳᠤ ᠰᠠᠭᠤᠭ᠎ᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠳᠠᠨ | ᠨᠦᠭᠦᠳ᠂ ᠬᠦᠬᠡᠬᠤᠳᠠ ᠳᠤ ᠰᠠᠭᠤᠭ᠎ᠠ ᠶᠡᠭᠡ ᠳᠡᠭᠡᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ | ᠤᠬᠠᠭᠤᠯᠬᠤ ᠬᠡᠯᠳᠡᠰ ᠤᠨ ᠳᠠᠷᠤᠭ᠎ᠠ᠂ ᠮᠠᠷᠺᠰ ᠤᠨ ᠦᠵᠡᠯ ᠤᠨ ᠳᠡᠭᠡᠳᠤ ᠰᠤᠷᠭᠠᠭᠤᠯᠢ ᠶᠢᠨ ᠵᠠᠬᠢᠷᠤᠯ ᠵᠢᠴᠢ ᠪᠠᠭᠰᠢ | ᠰᠤᠷᠤᠭᠴᠢᠳ ᠤᠨ ᠲᠦᠯᠦᠭᠡᠯᠡᠭᠴᠢ᠂ ᠮᠠᠨ ᠤ ᠤᠷᠤᠨ ᠳᠤ ᠰᠠᠭᠤᠭ᠎ᠠ ᠲᠦᠪ ᠤᠨ ᠬᠤᠯᠪᠤᠭᠳᠠᠯ ᠪᠦᠬᠦᠢ ᠪᠠᠶᠢᠭᠤᠯᠭ᠎ᠠ | ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠭᠦᠳ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠦᠪᠡᠷᠳᠡᠭᠡᠨ | ᠵᠠᠰᠠᠬᠤ ᠤᠷᠤᠨ ᠤ ᠪᠦᠯᠬᠦᠮ ᠤᠨ ᠪᠦᠷᠢᠯᠳᠦᠭᠦᠨ ᠨᠠᠷ ᠭᠤᠤᠯ ᠬᠤᠷᠠᠯ ᠤᠨ ᠲᠠᠯᠠᠪᠠᠢ ᠳᠤ ᠮᠡᠳᠡᠭᠦᠯᠦᠯᠳᠡ ᠶᠢ | ᠰᠤᠨᠤᠰᠴᠠᠢ᠃ ᠡᠯ᠎ᠠ ᠠᠶᠢᠮᠠᠭ ᠬᠤᠳᠠ᠂ ᠬᠤᠷᠢᠨᠭᠡᠷ ᠰᠢᠨ᠎ᠠ ᠲᠤᠭᠤᠷᠢᠭ᠂ ᠶᠡᠭᠡ ᠬᠢᠩᠭᠠᠨ ᠳᠠᠪᠠᠭ᠎ᠠ ᠶᠢᠨ | ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠵᠢᠴᠢ ᠡᠯ᠎ᠠ | ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ |