ᠮᠠᠨ ᠤ ᠣᠷᠤᠨ ᠤ ᠭᠤᠷᠪᠡᠨ ᠶᠡᠭᠡ ᠳᠡᠭᠡᠲᠦ ᠰᠤᠷᠭᠠᠭᠤᠯᠢ ᠤᠯᠤᠰ ᠤᠨ ᠪᠠᠶᠢᠭᠤᠯᠬᠤ ᠭᠡᠵᠦ ᠪᠠᠶᠢᠭ᠎ᠠ ︽ᠬᠤᠶᠠᠷ ᠳᠡᠭᠡᠲᠦ ᠲᠦᠯᠦᠪᠯᠡᠭᠡ︾᠎ ᠶᠢᠨ ᠨᠡᠷᠡᠰ ᠤᠨ ᠵᠢᠭᠰᠠᠭᠠᠯᠲᠠ ᠳᠤ ᠰᠣᠩᠭᠤᠭᠳᠠᠵᠠᠢ
ᠨᠡᠶᠢᠲᠡᠯᠡᠭᠰᠡᠨ ᠴᠠᠭ᠄
2019/11/15
     ᠰᠤᠷᠭᠠᠨ ᠬᠦᠮᠦᠵᠢᠯ ᠤᠨ ᠶᠠᠮᠤᠨ ᠪᠠ ᠡᠳ᠋ ᠤᠨ ᠵᠠᠰᠠᠭ ᠤᠨ ᠶᠠᠮᠤᠨ ᠠᠴᠠ ᠲᠤᠮᠳᠠᠲᠤ ᠤᠯᠤᠰ ᠤᠨ ᠣᠨᠴᠠᠯᠢᠭ ᠎ ᠲᠠᠢ ᠦᠨᠳᠦᠷ ᠬᠢᠷᠢ ᠲᠦᠪᠰᠢᠨ ᠪᠦᠬᠦᠢ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠢ  ᠪᠦᠲᠦᠭᠡᠨ ᠪᠠᠶᠢᠭᠤᠯᠬᠤ ᠲᠦᠯᠦᠪᠯᠡᠭᠡ ᠪᠠᠷ ᠪᠠᠶᠢᠭᠤᠯᠬᠤ ᠭᠡᠵᠦ ᠪᠠᠶᠢᠭ᠎ᠠ ᠨᠢᠭᠡᠴᠢ ᠶᠢᠨ ᠨᠡᠷᠡᠰ ᠢ ᠵᠠᠷᠯᠠᠨ ᠨᠡᠶᠢᠲᠡᠯᠡᠵᠦ᠂ ᠮᠠᠨ ᠤ ᠣᠷᠤᠨ ᠤ ᠭᠤᠷᠪᠡᠨ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠣᠲᠤᠷᠠᠭᠰᠠᠨ ᠪᠠᠶᠢᠨ᠎ᠠ᠃      ᠡᠭᠦᠨ ᠳᠤ᠂ ᠦᠪᠦᠷ ᠮᠤᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠦᠨᠳᠦᠷ ᠬᠢᠷᠢ ᠲᠦᠪᠰᠢᠨ ᠪᠦᠬᠦᠢ ᠰᠤᠷᠭᠠᠭᠤᠯᠢ ᠶᠢ ᠪᠠᠶᠢᠭᠤᠯᠬᠤ ᠨᠢᠭᠡᠴᠢ ︵C ᠳᠡᠰ︶᠎ ᠳᠤ ᠰᠤᠩᠭᠤᠭᠳᠠᠵᠦ᠂ ᠦᠪᠦᠷ ᠮᠤᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ᠂ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠨᠢ ᠲᠤᠰ ᠲᠤᠰ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠪᠠᠶᠢᠭᠤᠯᠬᠤ ᠨᠢᠭᠡᠴᠢ ︵B ᠳᠡᠰ︶ ᠪᠠ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠪᠠᠶᠢᠭᠤᠯᠬᠤ  ᠨᠢᠭᠡᠴᠢ ︵C ᠳᠡᠰ︶᠎ ᠎ ᠳᠤ ᠰᠤᠩᠭᠤᠭᠳᠠᠵᠠᠢ᠃      ᠡᠨᠡ ᠵᠢᠯ ᠤᠨ 4 ᠳ᠋ᠦ᠋ᠭᠡᠷ ᠰᠠᠷ᠎ᠠ ᠳᠤ᠂ ᠰᠤᠷᠭᠠᠨ ᠬᠦᠮᠦᠵᠢᠯ ᠤᠨ ᠶᠠᠮᠤᠨ ᠪᠠ ᠡᠳ᠋ ᠤᠨ ᠵᠠᠰᠠᠭ ᠤᠨ ᠶᠠᠮᠤᠨ ᠬᠠᠮᠲᠤᠷᠠᠨ ︽ᠲᠤᠮᠳᠠᠲᠤ ᠤᠯᠤᠰ ᠤᠨ ᠣᠨᠴᠠᠯᠢᠭ ᠲᠠᠢ ᠦᠨᠳᠦᠷ ᠬᠢᠷᠢ ᠲᠦᠪᠰᠢᠨ ᠪᠦᠬᠦᠢ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠢ ᠪᠠᠶᠢᠭᠤᠯᠬᠤ ᠲᠦᠯᠦᠪᠯᠡᠭᠡ ᠶᠢ ᠭᠡᠷᠡᠭᠵᠢᠬᠦᠯᠬᠦ ᠲᠤᠬᠠᠢ ᠰᠠᠨᠠᠯ︾᠎ ᠢ ᠨᠡᠶᠢᠲᠡᠯᠡᠵᠦ᠂ ᠬᠦᠴᠦ ᠪᠠᠨ ᠲᠥᠪᠯᠡᠷᠡᠭᠦᠯᠦᠨ 50 ᠣᠷᠴᠢᠮ ᠦᠨᠳᠦᠷ ᠬᠢᠷᠢ ᠲᠦᠪᠰᠢᠨ ᠪᠦᠬᠦᠢ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ 150 ᠣᠷᠴᠢᠮ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠢ  ᠪᠠᠶᠢᠭᠤᠯᠵᠦ᠂ ᠤᠷ᠎ᠠ ᠮᠡᠷᠭᠡᠵᠢᠯ ᠲᠠᠢ ᠴᠢᠳᠡᠪᠤᠷᠢᠲᠠᠨ ᠢ ᠬᠦᠮᠦᠵᠢᠬᠦᠯᠬᠦ ᠰᠠᠭᠤᠷᠢᠨ ᠭᠠᠵᠠᠷ ᠪᠠ ᠤᠷ᠎ᠠ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠡᠪᠴᠡᠩ ᠢ ᠪᠠᠶᠢᠭᠤᠯᠤᠨ᠂ ᠤᠯᠤᠰ ᠤᠨ ᠭᠤᠣᠯᠲᠠᠯᠭ᠎ᠠ ᠲᠠᠢ ᠠᠵᠦ ᠦᠢᠯᠡᠰ᠂ ᠣᠷᠦᠨ ᠪᠦᠰᠡ ᠶᠢᠨ ᠲᠤᠯᠭᠠᠭᠤᠷᠢ ᠠᠵᠦ ᠦᠢᠯᠡᠰ ᠤᠨ ᠬᠦᠭᠵᠢᠯᠲᠡ ᠶᠢ ᠲᠤᠯᠭᠠᠭᠤᠷᠢᠯᠠᠵᠦ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠴᠢᠨᠠᠷ ᠰᠠᠶᠢᠲᠠᠢ ᠪᠠᠷ ᠬᠦᠭᠵᠢᠬᠦᠯᠬᠦ ᠶᠢ ᠵᠢᠯᠤᠭᠤᠳᠤᠨ᠎ᠠ ᠭᠡᠵᠦ ᠲᠣᠲᠤᠷᠬᠠᠢ ᠲᠣᠭᠲᠠᠭᠠᠵᠠᠢ᠃ ᠲᠤᠰ ᠤᠳᠠᠭ᠎ᠠ ︽ᠬᠤᠶᠠᠷ ᠳᠡᠭᠡᠲᠦ ᠲᠦᠯᠦᠪᠯᠡᠭᠡ︾᠎ ᠳᠤ ᠰᠤᠩᠭᠤᠭᠳᠠᠭᠰᠠᠨ ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠲᠦᠷᠪᠡᠨ ᠲᠦᠷᠦᠯ ᠬᠤᠪᠢᠶᠠᠨ᠎ᠠ᠂ ᠨᠢᠭᠡᠲᠦᠭᠡᠷ ᠲᠦᠷᠦᠯ ᠳᠤ ᠦᠨᠳᠦᠷ ᠬᠢᠷᠢ ᠲᠦᠪᠰᠢᠨ ᠪᠦᠬᠦᠢ ᠰᠤᠷᠭᠠᠭᠤᠯᠢ ᠪᠠᠶᠢᠭᠤᠯᠬᠤ ᠨᠢᠭᠡᠴᠢ ︵A ᠳᠡᠰ︶᠎ ᠳᠤ 10 ᠰᠤᠷᠭᠠᠭᠤᠯᠢ᠂ ᠬᠤᠶᠠᠲᠤᠭᠠᠷ ᠲᠦᠷᠦᠯ ᠳᠤ ᠦᠨᠳᠦᠷ ᠬᠢᠷᠢ ᠲᠦᠪᠰᠢᠨ ᠪᠦᠬᠦᠢ ᠰᠤᠷᠭᠠᠭᠤᠯᠢ ᠪᠠᠶᠢᠭᠤᠯᠬᠤ ᠨᠢᠭᠡᠴᠢ ︵B ᠳᠡᠰ︶᠎ ᠳᠤ 20 ᠰᠤᠷᠭᠠᠭᠤᠯᠢ᠂ ᠭᠤᠷᠪᠠᠲᠤᠭᠠᠷ ᠲᠦᠷᠦᠯ ᠳᠤ ᠦᠨᠳᠦᠷ ᠬᠢᠷᠢ ᠲᠦᠪᠰᠢᠨ ᠪᠦᠬᠦᠢ ᠰᠤᠷᠭᠠᠭᠤᠯᠢ ᠪᠠᠶᠢᠭᠤᠯᠬᠤ ᠨᠢᠭᠡᠴᠢ ︵C ᠳᠡᠰ︶᠎ ᠳᠤ 26 ᠰᠤᠷᠭᠠᠭᠤᠯᠢ᠂ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠪᠠᠶᠢᠭᠤᠯᠬᠤ ᠨᠢᠭᠡᠴᠢ ︵ A ᠳᠡᠰ  ︶᠎ ᠳᠤ 26 ᠰᠤᠷᠭᠠᠭᠤᠯᠢ᠂ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠪᠠᠶᠢᠭᠤᠯᠬᠤ ᠨᠢᠭᠡᠴᠢ ︵B ᠳᠡᠰ︶᠎ ᠳᠤ 59 ᠰᠤᠷᠭᠠᠭᠤᠯᠢ᠂ ᠲᠦᠷᠪᠡᠲᠦᠭᠡᠷ ᠲᠦᠷᠦᠯ ᠳᠤ ᠦᠨᠳᠦᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠯᠡᠯ ᠪᠠᠶᠢᠭᠤᠯᠬᠤ ᠨᠢᠭᠡᠴᠢ ︵C ᠳᠡᠰ︶᠎ ᠳᠤ 56 ᠰᠤᠷᠭᠠᠭᠤᠯᠢ ᠪᠠᠶᠢᠭᠤᠯᠤᠨ᠎ᠠ᠃      ᠦᠪᠦᠷ ᠮᠤᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠶᠦᠡᠭ ᠢ ᠶᠢᠨ ᠲᠠᠨᠢᠯᠴᠠᠭᠤᠯᠤᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠡᠳᠡᠭᠡᠷ ᠳᠡᠭᠡᠲᠦ ᠰᠤᠷᠭᠠᠭᠤᠯᠢ ᠨᠢ ᠲᠤᠮᠳᠠᠲᠤ ᠤᠯᠤᠰ ᠤᠨ ᠣᠨᠴᠠᠯᠢᠭ ᠲᠠᠢ ᠦᠨᠳᠦᠷ ᠬᠢᠷᠢ ᠲᠦᠪᠰᠢᠨ ᠪᠦᠬᠦᠢ ᠰᠤᠷᠭᠠᠭᠤᠯᠢ ᠪᠠ ᠲᠤᠰᠬᠠᠢ ᠮᠡᠷᠭᠡᠵᠢᠯ ᠤᠨ  ᠲᠦᠷᠦᠯ ᠵᠦᠢᠯ ᠢ ᠪᠠᠶᠢᠭᠤᠯᠬᠤ ᠠᠵᠠ ᠲᠣᠬᠢᠶᠠᠯ ᠢᠶᠠᠷ ᠳᠠᠮᠵᠢᠨ᠂ ᠣᠷᠤᠨ ᠨᠤᠲᠤᠭ ᠤᠨ ᠲᠦᠷᠦ ᠶᠢᠨ ᠪᠣᠲᠤᠯᠭ᠎ᠠ ᠶᠢᠨ ᠲᠡᠮᠵᠢᠯᠭᠡ ᠶᠢ ᠢᠳᠡᠪᠬᠢᠲᠠᠢ ᠡᠷᠢᠯᠭᠢᠯᠡᠵᠦ᠂ ᠰᠤᠷᠭᠠᠭᠤᠯᠢ ᠡᠷᠬᠢᠯᠡᠬᠦ ᠪᠣᠳᠠᠲᠤ ᠭᠦᠴᠦᠨ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠠ ᠰᠤᠷᠭᠠᠭᠤᠯᠢ ᠡᠷᠬᠢᠯᠡᠬᠦ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠲᠦ ᠰᠤᠷᠭᠠᠭᠤᠯᠢ ᠪᠠᠨ ᠢᠯᠡ ᠲᠣᠲᠤ ᠣᠨᠴᠠᠯᠢᠭ ᠲᠠᠢ᠂ ᠲᠡᠷᠢᠬᠦᠨ ᠤ ᠣᠨᠤᠯᠵᠢᠬᠤᠨ ᠲᠠᠢ᠂ ᠰᠢᠨ᠎ᠡ ᠶᠢ ᠡᠭᠦᠲᠦᠭᠰᠡᠨ ᠲᠣᠭᠲᠠᠯᠴᠠᠭ᠎ᠠ ᠲᠠᠢ᠂ ᠴᠢᠨᠠᠷᠯᠢᠭ ᠬᠦᠮᠦᠵᠢᠯ ᠲᠠᠢ᠂ ᠦᠢᠯᠡᠴᠢᠯᠡᠭᠡᠨ ᠤ ᠦᠷ᠎ᠡ ᠪᠦᠲᠦᠭᠡᠯ ᠢᠯᠡᠷᠬᠡᠢ ᠲᠤᠮᠲᠠᠲᠤ ᠤᠯᠤᠰ ᠤᠨ ᠣᠨᠴᠠᠯᠢᠭ ᠲᠠᠢ ᠦᠨᠳᠦᠷ ᠬᠢᠷᠢ ᠲᠦᠪᠰᠢᠨ ᠪᠦᠬᠦᠢ   ᠳᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠭᠠᠨ ᠪᠠᠶᠢᠭᠤᠯᠤᠨ᠎ᠠ ᠭᠡᠵᠡᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号