| | ᠭᠤᠷᠪᠠ᠂ ᠶᠠᠮᠠᠷ ᠶᠠᠮᠠᠷ ᠬᠥᠮᠥᠨ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠬᠤ ᠪᠣᠢ︖ | ᠬᠠᠷᠢᠭᠤᠯᠲᠠ᠄ ᠬᠠᠤᠯᠢ ᠪᠠᠷ ᠲᠣᠭᠲᠠᠭᠠᠭᠰᠠᠨ ᠬᠥᠳᠡᠯᠮᠦᠷᠢ ᠶᠢᠨ ᠨᠠᠰᠤᠨ ᠳᠤ᠂ ᠬᠥᠳᠡᠯᠮᠦᠷᠢᠯᠡᠬᠦ ᠴᠢᠳᠠᠪᠤᠷᠢ | ᠲᠠᠢ ᠮᠥᠷᠲᠡᠭᠡᠨ ᠠᠵᠢᠯ ᠣᠯᠬᠤ ᠱᠠᠭᠠᠷᠳᠠᠯᠭ᠎ᠠ ᠲᠠᠢ ᠪᠣᠯ᠂ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠪᠡᠯ᠂ | ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠄ 1. ᠪᠦᠬᠦᠯᠢ 16 ᠨᠠᠰᠤᠨ ᠳᠤ ᠬᠦᠷᠴᠦ᠂ ᠡᠯ᠎ᠡ | ᠲᠥᠷᠥᠯ ᠤᠨ ᠰᠤᠷᠭᠠᠭᠤᠯᠢ ᠠᠴᠠ ᠲᠡᠭᠦᠰᠦᠨ᠂ ᠰᠤᠷᠤᠯᠭ᠎ᠠ ᠶᠢᠨ ᠬᠤᠭᠤᠴᠠᠭᠠᠨ ᠤ ᠰᠡᠭᠦᠯᠴᠢ ᠶᠢᠨ ᠦᠶ᠎ᠡ ᠳᠤ ᠠᠵᠢᠯ | ᠣᠯᠬᠤ ᠱᠠᠭᠠᠷᠳᠠᠯᠭ᠎ᠠ ᠲᠠᠢ ᠬᠥᠮᠥᠰ︔ 2. ᠠᠵᠢᠯᠲᠠᠨ ᠬᠡᠷᠡᠭᠯᠡᠬᠦ ᠨᠢᠭᠡᠴᠢ ᠳᠤ ᠠᠵᠢᠯ ᠣᠯᠣᠭᠠᠳ ᠠᠵᠢᠯ | ᠠᠯᠳᠠᠭᠰᠠᠳ︔ 3. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ ᠪᠤᠶᠤ | ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠤ ᠡᠭᠦᠳᠡ ᠪᠠᠨ ᠬᠠᠭᠠᠭᠰᠠᠳ᠂ ᠲᠠᠮᠫᠤᠷᠠᠵᠤ | ᠡᠵᠡᠩᠨᠡᠯᠲᠡ ᠨᠢ ᠵᠣᠭᠰᠣᠭᠰᠠᠳ︔ 4. ᠮᠠᠯᠵᠢᠬᠤ ᠲᠠᠷᠢᠶᠠᠯᠠᠬᠤ ᠣᠷᠣᠨ ᠠᠴᠠ ᠬᠤᠲᠠ ᠪᠠᠯᠭᠠᠰᠤ ᠳᠤ ᠰᠢᠯᠵᠢᠨ | ᠢᠷᠡᠵᠦ ᠠᠵᠢᠯ ᠠᠯᠳᠠᠭᠰᠠᠳ︔ 5. ᠳᠠᠭᠠᠭᠠᠴᠢᠯᠠᠭᠰᠠᠨ ᠭᠠᠵᠠᠷ ᠰᠢᠷᠣᠢ ᠨᠢ ᠡᠯᠰᠡᠭᠳᠡᠨ ᠬᠡᠷᠡᠭᠯᠡᠭᠳᠡᠭᠰᠡᠨ ᠤ ᠬᠠᠮᠲᠤ | ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠳ︔ 6. ᠵᠢᠩᠬᠢᠨᠢ ᠠᠯᠪᠠᠨ ᠠᠴᠠ ᠬᠠᠯᠠᠭᠳᠠᠭᠰᠠᠨ ᠴᠡᠷᠢᠭ ᠮᠥᠷᠲᠡᠭᠡᠨ | ᠤᠯᠤᠰ ᠤᠨ ᠨᠢᠭᠡᠳᠦᠯᠲᠡᠢ ᠠᠵᠢᠯ ᠲᠣᠬᠢᠷᠠᠭᠤᠯᠤᠯᠲᠠ ᠳᠤ ᠣᠷᠣᠭᠠᠳᠤᠢ ᠬᠥᠮᠥᠰ︔ 7. ᠡᠷᠡᠭᠦᠦ ᠶᠢᠨ ᠬᠤᠭᠤᠴᠠᠭ᠎ᠠ | ᠨᠢ ᠳᠠᠭᠤᠰᠴᠤ ᠰᠤᠯᠠᠯᠠᠭᠳᠠᠭᠰᠠᠳ᠂ ᠪᠠᠲᠤᠯᠠᠨ ᠳᠠᠭᠠᠭᠠᠵᠤ ᠰᠤᠯᠠᠯᠠᠭᠳᠠᠭᠰᠠᠳ᠂ ᠭᠢᠨᠳᠠᠨ ᠤ ᠭᠠᠳᠠᠨ᠎ᠠ ᠡᠷᠡᠭᠦᠦ ᠪᠠᠷ | ᠰᠢᠢᠳᠬᠡᠭᠳᠡᠭᠰᠡᠳ︔ 8. ᠪᠤᠰᠤᠳ ᠠᠵᠢᠯ ᠠᠯᠳᠠᠭᠰᠠᠳ᠃ | ᠳᠥᠷᠪᠡ᠂ ᠠᠵᠢᠯ ᠠᠯᠳᠠᠭᠰᠠᠳ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠶᠢ ᠬᠡᠷᠬᠢᠨ ᠭᠦᠢᠴᠡᠳᠬᠡᠬᠦ | ᠪᠣᠢ︖ | ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ ᠨᠡᠶᠢᠴᠡᠭᠰᠡᠨ ᠬᠡᠪᠴᠢᠶᠡᠨ ᠳᠤ᠂ ᠠᠵᠢᠯ ᠦᠭᠡᠢ | ᠪᠠᠶᠢᠳᠠᠯ ᠳᠤ ᠣᠷᠣᠰᠢᠵᠤ ᠪᠠᠶᠢᠭ᠎ᠠ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠪᠠᠶᠢᠩᠭᠤ ᠰᠠᠭᠤᠭ᠎ᠠ | ᠭᠠᠵᠠᠷ ᠤᠨ ᠢᠶᠠᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠃ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ | ᠭᠤᠶᠤᠴᠢᠯᠠᠬᠤ ᠡᠯ᠎ᠡ ᠲᠥᠷᠥᠯ ᠤᠨ ᠬᠥᠮᠥᠰ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠴᠢᠬᠤᠯᠠᠲᠠᠢ᠄ 1. ᠠᠵᠢᠯ | ᠣᠯᠣᠭᠰᠠᠨ ᠥᠩᠭᠡᠷᠡᠯᠲᠡ ᠦᠭᠡᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠬᠤᠪᠢ ᠬᠥᠮᠥᠨ ᠤ | ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ ᠢᠶᠠᠨ ᠲᠤᠰᠢᠶᠠᠬᠤ ᠬᠡᠷᠡᠭᠲᠡᠢ︔ 2. ᠮᠠᠯᠵᠢᠬᠤ ᠲᠠᠷᠢᠶᠠᠯᠠᠬᠤ | ᠣᠷᠣᠨ ᠠᠴᠠ ᠬᠤᠲᠠ ᠳᠤ ᠣᠷᠣᠵᠤ ᠠᠵᠢᠯ ᠬᠢᠭᠰᠡᠳ ᠪᠠ ᠲᠤᠰ ᠭᠠᠵᠠᠷ ᠤᠨ ᠡᠷᠦᠬᠡ ᠠᠮᠠ ᠶᠢᠨ ᠬᠠᠷᠢᠶᠠᠯᠠᠯ ᠪᠤᠰᠤ | ᠪᠤᠰᠤᠳ ᠬᠥᠮᠥᠰ ᠠᠵᠢᠯ ᠠᠯᠳᠠᠭᠰᠠᠨ ᠤ ᠳᠠᠷᠠᠭ᠎ᠠ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ | ᠦᠨᠡᠮᠯᠡᠯ᠂ ᠠᠵᠢᠯᠲᠠᠨ ᠬᠡᠷᠡᠭᠯᠡᠬᠦ ᠨᠢᠭᠡᠴᠢ ︵ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ︶ ᠠᠴᠠ ᠭᠠᠷᠭᠠᠵᠤ | ᠥᠭᠭᠦᠭᠰᠡᠨ ᠬᠥᠳᠡᠯᠮᠦᠷᠢ ᠶᠢᠨ ᠬᠠᠷᠢᠴᠠᠭ᠎ᠠ ᠶᠢ ᠨᠢ ᠵᠣᠭᠰᠣᠭᠠᠭᠰᠠᠨ ᠪᠤᠶᠤ ᠴᠤᠴᠠᠯᠤᠭᠰᠠᠨ ᠭᠡᠷᠡᠴᠢ ᠪᠢᠴᠢᠭ ᠵᠡᠷᠭᠡ | ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠢ︔ 3. ᠬᠤᠲᠠ ᠪᠠᠯᠭᠠᠰᠤ ᠶᠢᠨ ᠬᠥᠳᠡᠯᠮᠦᠷᠢᠯᠡᠭᠴᠢᠳ | ᠠᠵᠢᠯ ᠣᠯᠣᠭᠰᠠᠨ ᠥᠩᠭᠡᠷᠡᠯᠲᠡ ᠲᠠᠢ ᠪᠣᠯ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ | ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾᠂ ᠤᠤᠯ ᠤᠨ ᠨᠢᠭᠡᠴᠢ ᠶᠢᠨ ᠬᠢᠨᠢ ᠬᠥᠳᠡᠯᠮᠦᠷᠢ ᠶᠢᠨ | ᠬᠠᠷᠢᠴᠠᠭ᠎ᠠ ᠶᠢ ᠨᠢ ᠵᠣᠭᠰᠣᠭᠠᠭᠰᠠᠨ᠂ ᠴᠤᠴᠠᠯᠤᠭᠰᠠᠨ ᠪᠤᠶᠤ ᠤᠷᠢᠵᠤ ᠬᠡᠷᠡᠭᠯᠡᠬᠦ ᠪᠠᠨ ᠪᠣᠯᠢᠭᠰᠠᠨ ᠭᠡᠷᠡᠴᠢᠯᠡᠭᠡ ᠶᠢ | ᠲᠤᠰᠢᠶᠠᠬᠤ ᠬᠡᠷᠡᠭᠲᠡᠢ︔ 4. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ | ᠪᠤᠶᠤ ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠠᠴᠠ ᠠᠵᠢᠯ ᠢᠶᠠᠨ ᠵᠣᠭᠰᠣᠭᠠᠭᠰᠠᠨ᠂ | ᠲᠠᠮᠫᠤᠷᠠᠭᠰᠠᠨ᠂ ᠡᠵᠡᠩᠨᠡᠯᠲᠡ ᠪᠠᠨ ᠵᠣᠭᠰᠣᠭᠠᠭᠰᠠᠨ ᠪᠣᠯ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ | ᠦᠨᠡᠮᠯᠡᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠣᠯᠭᠤᠭᠰᠠᠨ ᠠᠵᠢᠯ ᠨᠢ ᠵᠣᠭᠰᠣᠭᠰᠠᠨ᠂ ᠲᠠᠮᠫᠤᠷᠠᠭᠰᠠᠨ᠂ ᠡᠵᠡᠩᠨᠡᠯᠲᠡ ᠨᠢ ᠵᠣᠭᠰᠣᠭᠰᠠᠨ | ᠭᠡᠷᠡᠴᠢᠯᠡᠭᠡ ᠶᠢ ᠲᠤᠰᠢᠶᠠᠬᠤ ᠬᠡᠷᠡᠭᠲᠡᠢ︔ 5. ᠪᠤᠰᠤᠳ ᠠᠵᠢᠯ ᠠᠯᠳᠠᠭᠰᠠᠳ᠂ ᠬᠤᠪᠢ ᠬᠥᠮᠥᠨ ᠤ ᠪᠡᠶ᠎ᠡ ᠶᠢᠨ | ᠬᠦᠴᠦᠨ ᠪᠦᠬᠦᠢ ᠭᠡᠷᠡᠴᠢ ᠦᠨᠡᠮᠯᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠬᠠᠮᠢᠶ᠎ᠠ ᠪᠦᠬᠦᠢ | ᠭᠡᠷᠡᠴᠢᠯᠡᠭᠡ ᠪᠠᠶᠢᠬᠤ ᠬᠡᠷᠡᠭᠲᠡᠢ᠃ |