ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠬᠤᠶᠠᠷ
ᠨᠡᠶᠢᠲᠡᠯᠡᠭᠰᠡᠨ ᠴᠠᠭ᠄
2019/11/15
     ᠭᠤᠷᠪᠠ᠂ ᠶᠠᠮᠠᠷ ᠶᠠᠮᠠᠷ ᠬᠥᠮᠥᠨ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠬᠤ ᠪᠣᠢ︖      ᠬᠠᠷᠢᠭᠤᠯᠲᠠ᠄ ᠬᠠᠤᠯᠢ ᠪᠠᠷ ᠲᠣᠭᠲᠠᠭᠠᠭᠰᠠᠨ ᠬᠥᠳᠡᠯᠮᠦᠷᠢ ᠶᠢᠨ ᠨᠠᠰᠤᠨ ᠳᠤ᠂ ᠬᠥᠳᠡᠯᠮᠦᠷᠢᠯᠡᠬᠦ ᠴᠢᠳᠠᠪᠤᠷᠢ  ᠲᠠᠢ ᠮᠥᠷᠲᠡᠭᠡᠨ ᠠᠵᠢᠯ ᠣᠯᠬᠤ ᠱᠠᠭᠠᠷᠳᠠᠯᠭ᠎ᠠ ᠲᠠᠢ ᠪᠣᠯ᠂ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠪᠡᠯ᠂ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠄ 1. ᠪᠦᠬᠦᠯᠢ 16 ᠨᠠᠰᠤᠨ ᠳᠤ ᠬᠦᠷᠴᠦ᠂ ᠡᠯ᠎ᠡ ᠲᠥᠷᠥᠯ ᠤᠨ ᠰᠤᠷᠭᠠᠭᠤᠯᠢ ᠠᠴᠠ ᠲᠡᠭᠦᠰᠦᠨ᠂ ᠰᠤᠷᠤᠯᠭ᠎ᠠ ᠶᠢᠨ ᠬᠤᠭᠤᠴᠠᠭᠠᠨ ᠤ ᠰᠡᠭᠦᠯᠴᠢ ᠶᠢᠨ ᠦᠶ᠎ᠡ ᠳᠤ ᠠᠵᠢᠯ ᠣᠯᠬᠤ ᠱᠠᠭᠠᠷᠳᠠᠯᠭ᠎ᠠ ᠲᠠᠢ ᠬᠥᠮᠥᠰ︔ 2. ᠠᠵᠢᠯᠲᠠᠨ ᠬᠡᠷᠡᠭᠯᠡᠬᠦ ᠨᠢᠭᠡᠴᠢ ᠳᠤ ᠠᠵᠢᠯ ᠣᠯᠣᠭᠠᠳ ᠠᠵᠢᠯ ᠠᠯᠳᠠᠭᠰᠠᠳ︔ 3. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ ᠪᠤᠶᠤ ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠤ ᠡᠭᠦᠳᠡ ᠪᠠᠨ ᠬᠠᠭᠠᠭᠰᠠᠳ᠂ ᠲᠠᠮᠫᠤᠷᠠᠵᠤ ᠡᠵᠡᠩᠨᠡᠯᠲᠡ ᠨᠢ ᠵᠣᠭᠰᠣᠭᠰᠠᠳ︔ 4. ᠮᠠᠯᠵᠢᠬᠤ ᠲᠠᠷᠢᠶᠠᠯᠠᠬᠤ ᠣᠷᠣᠨ ᠠᠴᠠ ᠬᠤᠲᠠ ᠪᠠᠯᠭᠠᠰᠤ ᠳᠤ ᠰᠢᠯᠵᠢᠨ ᠢᠷᠡᠵᠦ ᠠᠵᠢᠯ ᠠᠯᠳᠠᠭᠰᠠᠳ︔ 5. ᠳᠠᠭᠠᠭᠠᠴᠢᠯᠠᠭᠰᠠᠨ ᠭᠠᠵᠠᠷ ᠰᠢᠷᠣᠢ ᠨᠢ ᠡᠯᠰᠡᠭᠳᠡᠨ ᠬᠡᠷᠡᠭᠯᠡᠭᠳᠡᠭᠰᠡᠨ ᠤ ᠬᠠᠮᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠳ︔ 6. ᠵᠢᠩᠬᠢᠨᠢ ᠠᠯᠪᠠᠨ ᠠᠴᠠ ᠬᠠᠯᠠᠭᠳᠠᠭᠰᠠᠨ ᠴᠡᠷᠢᠭ ᠮᠥᠷᠲᠡᠭᠡᠨ ᠤᠯᠤᠰ ᠤᠨ ᠨᠢᠭᠡᠳᠦᠯᠲᠡᠢ ᠠᠵᠢᠯ ᠲᠣᠬᠢᠷᠠᠭᠤᠯᠤᠯᠲᠠ ᠳᠤ ᠣᠷᠣᠭᠠᠳᠤᠢ ᠬᠥᠮᠥᠰ︔ 7. ᠡᠷᠡᠭᠦᠦ ᠶᠢᠨ ᠬᠤᠭᠤᠴᠠᠭ᠎ᠠ  ᠨᠢ ᠳᠠᠭᠤᠰᠴᠤ ᠰᠤᠯᠠᠯᠠᠭᠳᠠᠭᠰᠠᠳ᠂ ᠪᠠᠲᠤᠯᠠᠨ ᠳᠠᠭᠠᠭᠠᠵᠤ ᠰᠤᠯᠠᠯᠠᠭᠳᠠᠭᠰᠠᠳ᠂ ᠭᠢᠨᠳᠠᠨ ᠤ ᠭᠠᠳᠠᠨ᠎ᠠ ᠡᠷᠡᠭᠦᠦ ᠪᠠᠷ ᠰᠢᠢᠳᠬᠡᠭᠳᠡᠭᠰᠡᠳ︔ 8. ᠪᠤᠰᠤᠳ ᠠᠵᠢᠯ ᠠᠯᠳᠠᠭᠰᠠᠳ᠃      ᠳᠥᠷᠪᠡ᠂ ᠠᠵᠢᠯ ᠠᠯᠳᠠᠭᠰᠠᠳ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠶᠢ ᠬᠡᠷᠬᠢᠨ ᠭᠦᠢᠴᠡᠳᠬᠡᠬᠦ ᠪᠣᠢ︖      ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ ᠨᠡᠶᠢᠴᠡᠭᠰᠡᠨ ᠬᠡᠪᠴᠢᠶᠡᠨ ᠳᠤ᠂ ᠠᠵᠢᠯ ᠦᠭᠡᠢ ᠪᠠᠶᠢᠳᠠᠯ ᠳᠤ ᠣᠷᠣᠰᠢᠵᠤ ᠪᠠᠶᠢᠭ᠎ᠠ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠪᠠᠶᠢᠩᠭᠤ ᠰᠠᠭᠤᠭ᠎ᠠ ᠭᠠᠵᠠᠷ ᠤᠨ ᠢᠶᠠᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠃ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ ᠭᠤᠶᠤᠴᠢᠯᠠᠬᠤ ᠡᠯ᠎ᠡ ᠲᠥᠷᠥᠯ ᠤᠨ ᠬᠥᠮᠥᠰ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠴᠢᠬᠤᠯᠠᠲᠠᠢ᠄ 1. ᠠᠵᠢᠯ ᠣᠯᠣᠭᠰᠠᠨ ᠥᠩᠭᠡᠷᠡᠯᠲᠡ ᠦᠭᠡᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ ᠢᠶᠠᠨ ᠲᠤᠰᠢᠶᠠᠬᠤ ᠬᠡᠷᠡᠭᠲᠡᠢ︔ 2. ᠮᠠᠯᠵᠢᠬᠤ ᠲᠠᠷᠢᠶᠠᠯᠠᠬᠤ ᠣᠷᠣᠨ ᠠᠴᠠ ᠬᠤᠲᠠ ᠳᠤ ᠣᠷᠣᠵᠤ ᠠᠵᠢᠯ ᠬᠢᠭᠰᠡᠳ ᠪᠠ ᠲᠤᠰ ᠭᠠᠵᠠᠷ ᠤᠨ ᠡᠷᠦᠬᠡ ᠠᠮᠠ ᠶᠢᠨ ᠬᠠᠷᠢᠶᠠᠯᠠᠯ ᠪᠤᠰᠤ ᠪᠤᠰᠤᠳ ᠬᠥᠮᠥᠰ ᠠᠵᠢᠯ ᠠᠯᠳᠠᠭᠰᠠᠨ ᠤ ᠳᠠᠷᠠᠭ᠎ᠠ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ᠠᠵᠢᠯᠲᠠᠨ ᠬᠡᠷᠡᠭᠯᠡᠬᠦ ᠨᠢᠭᠡᠴᠢ ︵ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ︶ ᠠᠴᠠ ᠭᠠᠷᠭᠠᠵᠤ ᠥᠭᠭᠦᠭᠰᠡᠨ ᠬᠥᠳᠡᠯᠮᠦᠷᠢ ᠶᠢᠨ ᠬᠠᠷᠢᠴᠠᠭ᠎ᠠ ᠶᠢ ᠨᠢ ᠵᠣᠭᠰᠣᠭᠠᠭᠰᠠᠨ ᠪᠤᠶᠤ ᠴᠤᠴᠠᠯᠤᠭᠰᠠᠨ ᠭᠡᠷᠡᠴᠢ ᠪᠢᠴᠢᠭ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠢ︔ 3. ᠬᠤᠲᠠ ᠪᠠᠯᠭᠠᠰᠤ ᠶᠢᠨ ᠬᠥᠳᠡᠯᠮᠦᠷᠢᠯᠡᠭᠴᠢᠳ ᠠᠵᠢᠯ ᠣᠯᠣᠭᠰᠠᠨ ᠥᠩᠭᠡᠷᠡᠯᠲᠡ ᠲᠠᠢ ᠪᠣᠯ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾᠂ ᠤᠤᠯ ᠤᠨ ᠨᠢᠭᠡᠴᠢ ᠶᠢᠨ ᠬᠢᠨᠢ ᠬᠥᠳᠡᠯᠮᠦᠷᠢ ᠶᠢᠨ ᠬᠠᠷᠢᠴᠠᠭ᠎ᠠ ᠶᠢ ᠨᠢ ᠵᠣᠭᠰᠣᠭᠠᠭᠰᠠᠨ᠂ ᠴᠤᠴᠠᠯᠤᠭᠰᠠᠨ ᠪᠤᠶᠤ ᠤᠷᠢᠵᠤ ᠬᠡᠷᠡᠭᠯᠡᠬᠦ ᠪᠠᠨ ᠪᠣᠯᠢᠭᠰᠠᠨ ᠭᠡᠷᠡᠴᠢᠯᠡᠭᠡ ᠶᠢ ᠲᠤᠰᠢᠶᠠᠬᠤ ᠬᠡᠷᠡᠭᠲᠡᠢ︔ 4. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ ᠪᠤᠶᠤ ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠠᠴᠠ ᠠᠵᠢᠯ ᠢᠶᠠᠨ ᠵᠣᠭᠰᠣᠭᠠᠭᠰᠠᠨ᠂ ᠲᠠᠮᠫᠤᠷᠠᠭᠰᠠᠨ᠂ ᠡᠵᠡᠩᠨᠡᠯᠲᠡ ᠪᠠᠨ ᠵᠣᠭᠰᠣᠭᠠᠭᠰᠠᠨ ᠪᠣᠯ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠠᠵᠢᠯ ᠨᠢ ᠵᠣᠭᠰᠣᠭᠰᠠᠨ᠂ ᠲᠠᠮᠫᠤᠷᠠᠭᠰᠠᠨ᠂ ᠡᠵᠡᠩᠨᠡᠯᠲᠡ ᠨᠢ ᠵᠣᠭᠰᠣᠭᠰᠠᠨ ᠭᠡᠷᠡᠴᠢᠯᠡᠭᠡ ᠶᠢ ᠲᠤᠰᠢᠶᠠᠬᠤ ᠬᠡᠷᠡᠭᠲᠡᠢ︔ 5. ᠪᠤᠰᠤᠳ ᠠᠵᠢᠯ ᠠᠯᠳᠠᠭᠰᠠᠳ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠬᠠᠮᠢᠶ᠎ᠠ ᠪᠦᠬᠦᠢ ᠭᠡᠷᠡᠴᠢᠯᠡᠭᠡ ᠪᠠᠶᠢᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ