ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠢᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠦ ᠪᠦ᠋ ᠰᠢᠶᠣᠤ ᠯᠢᠨ ᠣᠷᠣᠯᠴᠠᠪᠠ
ᠨᠡᠶᠢᠲᠡᠯᠡᠭᠰᠡᠨ ᠴᠠᠭ᠄
2019/11/18
     11 ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠎ ᠤᠨ ᠤᠳᠤᠷᠢᠳᠬᠤ ᠳᠤᠭᠤᠢᠢᠯᠠᠩ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠢᠢᠯᠠᠩ ᠤᠨ ᠳᠡᠳ᠋ ᠳᠠᠷᠤᠭ᠎ᠠ ᠪᠦ᠋ ᠰᠢᠶᠣᠤ ᠯᠢᠨ᠂ ᠯᠢᠨ ᠱᠣᠣ ᠴᠦᠨ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠣᠣ ᠴᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠲᠥᠪ ᠤᠨ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ᠂ ᠲᠥᠪ ᠠᠴᠠ ᠰᠢᠭᠤᠳ ᠬᠠᠮᠢᠶᠠᠷᠴᠤ ᠪᠠᠶᠢᠭ᠎ᠠ ᠬᠡᠰᠡᠭ ᠶᠡᠭᠡ ᠳᠡᠭᠡᠳᠤ ᠰᠤᠷᠭᠠᠭᠤᠯᠢ ᠶᠢᠨ ᠭᠤᠤᠯ ᠰᠡᠳᠦᠪᠲᠦ ᠬᠥᠮᠦᠵᠢᠯ ᠎ ᠤᠨ ᠠᠵᠢᠯ ᠤᠨ ᠶᠠᠷᠢᠯᠴᠠᠬᠤ ᠬᠤᠷᠠᠯ᠂ ᠭᠤᠤᠯ ᠰᠡᠳᠦᠪᠲᠦ ᠬᠥᠮᠦᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠬᠤᠶᠠᠳᠤᠭᠠᠷ ᠲᠤᠭᠤᠷᠢᠨ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠳᠤᠭᠤᠢᠢᠯᠠᠩ ᠤᠨ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠤᠨ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠬᠠᠷᠢᠯᠴᠠᠬᠤ ᠭᠠᠵᠠᠷ ᠤᠨ ᠲᠥᠰᠦᠯ︾᠂ ︽ᠨᠢᠭᠡᠳᠦᠭᠡᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠪᠠᠶᠢᠭᠤᠯᠭ᠎ᠠ ᠨᠢᠭᠡᠴᠢ ᠶᠢᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︿ᠡᠷᠭᠢᠨ ᠬᠠᠷᠠᠬᠤ﹀ ᠠᠵᠢᠯ ᠦᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠤᠭᠰᠠᠨ ᠪᠠᠶᠢᠳᠠᠯ ᠢ ︿ᠡᠷᠭᠢᠨ ᠬᠠᠷᠠᠬᠤ﹀ ᠠᠵᠢᠯ ᠤᠨ ᠲᠥᠰᠦᠯ︾᠎ ᠢ ᠬᠢᠨᠠᠨ ᠵᠥᠪᠯᠡᠪᠡ᠃      ᠬᠤᠷᠠᠯ ᠠᠴᠠ᠂ ᠨᠠᠮ ᠤᠨ ᠲᠥᠪ ᠬᠤᠷᠢᠶ᠎ᠠ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠱᠠᠲᠤᠨ ᠤ ᠤᠳᠤᠷᠢᠳᠬᠤ ᠺᠠᠳ᠋ᠷ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠬᠤᠶᠠᠷ ᠎ ᠢ ᠬᠠᠮᠠᠭᠠᠯᠠᠬᠤ︾᠎ ᠶᠢ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠶᠢᠲᠤᠷ ᠠᠳᠬᠤᠵᠤ᠂ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠭᠡᠬᠦ ᠭᠤᠤᠯᠳᠠᠯᠭ᠎ᠠ ᠶᠢ ᠳᠣᠪᠤᠶᠢᠯᠭᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠤᠬ ᠪᠦᠳᠦᠬᠡᠯ ᠢ ᠨᠢ ᠤᠩᠰᠢᠵᠥ ᠤᠭ ᠵᠤᠬᠢᠶᠠᠯ ᠢ ᠨᠢ ᠰᠤᠷᠤᠯᠴᠠᠵᠥ ᠤᠭ ᠶᠤᠰᠤ ᠶᠢ ᠨᠢ ᠣᠢᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠬᠠᠳᠠᠩᠰᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠯᠭ᠎ᠠ ᠬᠥᠮᠦᠵᠢᠯ ᠤᠨ ᠭᠤᠤᠯ ᠠᠭᠤᠯᠭ᠎ᠠ ᠪᠣᠯᠭᠠᠵᠤ᠂ ︽ᠳᠥᠷᠪᠡᠨ ᠬᠥᠮᠦᠵᠢᠯ︾᠎ ᠢ ᠠᠮᠢᠳᠤᠯᠢᠭ ᠢᠶᠠᠷ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠳᠦᠮᠵᠢ ᠪᠠ ᠨᠥᠯᠥᠭᠡᠯᠡᠬᠦ ᠬᠦᠴᠦᠨ ᠢ ᠴᠢᠩᠭᠠᠳᠬᠠᠬᠤ ᠬᠡᠷᠡᠭᠲᠡᠶ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠯᠳᠠ ᠶᠢᠨ ᠡᠨᠡ ᠬᠦ ᠵᠠᠩᠭᠢᠯᠠᠭ᠎ᠠ ᠶᠢᠨ ᠭᠠᠷᠳᠠᠴᠠ ᠶᠢ ᠳᠣᠪᠤᠶᠢᠯᠭᠠᠵᠤ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠵᠦ᠂ ᠡᠮᠵᠡᠭ ᠭᠠᠵᠠᠷ ᠢ ᠠᠷᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠭᠵᠢᠷᠡᠬᠦ ᠭᠠᠵᠠᠷ ᠢ ᠨᠡᠪᠲᠡᠷᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠷᠠᠳ ᠤᠨ ᠢᠳᠡᠬᠡᠯ ᠢ ᠣᠯᠬᠤ ᠬᠡᠷᠡᠭᠲᠡᠶ᠃ ᠲᠥᠷᠥᠯ ᠬᠤᠪᠢᠶᠠᠨ ᠵᠢᠯᠣᠭᠤᠳᠬᠤ ᠶᠢ ᠦᠨᠡᠨ ᠬᠦ ᠴᠢᠩᠭᠠᠳᠬᠠᠵᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠡᠲᠡᠭᠡᠳ ᠤᠨ ᠣᠨᠴᠠᠯᠢᠭ ᠲᠤ ᠴᠢᠭᠯᠡᠭᠦᠯᠦᠨ᠂ ᠨᠠᠷᠢᠨ ᠨᠢᠮᠪᠠᠶ ᠲᠦᠰᠦᠪᠯᠡᠨ ᠲᠦᠯᠦᠪᠯᠡᠵᠦ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ︽ᠨᠢᠭᠡ ᠪᠠᠶᠢᠭᠤᠯᠭ᠎ᠠ ᠨᠢᠭᠡᠴᠢ ᠳᠤ ᠨᠢᠭᠡ ᠶᠠᠩᠵᠤ ᠶᠢᠨ ᠲᠣᠬᠢᠷᠠᠭᠤᠯᠤᠯᠲᠠ ᠲᠠᠢ᠂ ᠨᠢᠭᠡ ᠤᠳᠤᠷᠢᠳᠬᠤ ᠪᠠᠭ ᠲᠤ ᠨᠢᠭᠡ ᠲᠥᠰᠦᠯ ᠲᠠᠢ᠂ ᠨᠢᠭᠡ ᠨᠠᠮ ᠤᠨ ᠡᠭᠦᠷ ᠲᠤ ᠨᠢᠭᠡ ᠲᠥᠯᠥᠪᠯᠡᠭᠡ ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠮᠤᠵᠢ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠬᠠᠷᠢᠯᠴᠠᠬᠤ ᠭᠠᠵᠠᠷ ᠤᠨ ᠳᠦᠷᠢᠮ ᠢ ᠲᠦᠷᠦᠭᠦᠯᠡᠨ ᠨᠠᠶᠢᠳᠠᠪᠤᠷᠢᠵᠢᠭᠤᠯᠵᠥ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ ᠵᠤᠬᠢᠴᠠᠭᠤᠯᠵᠤ ᠳᠤᠬᠢᠷᠠᠭᠤᠯᠬᠤ ᠪᠠᠨ ᠴᠢᠩᠭᠠᠳᠬᠠᠵᠤ᠂ ᠪᠦᠬᠦ ᠶᠠᠪᠤᠴᠠ ᠪᠠᠷ ᠵᠢᠯᠣᠭᠤᠳᠴᠤ᠂ ᠳᠤᠭᠤᠷᠢᠨ ᠵᠢᠯᠣᠭᠤᠳᠬᠤ ᠳᠤᠭᠤᠢᠢᠯᠠᠩ ᠤᠨ ᠬᠢᠨ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠳᠤᠨ ᠳᠤ ᠰᠢᠯᠵᠢᠭᠦᠯᠵᠦ᠂ ᠴᠢᠩᠭ᠎ᠠ ᠱᠠᠯᠠᠪᠳᠠᠭᠤᠯᠤᠨ ᠪᠣᠳᠠᠲᠠᠶ ᠵᠢᠯᠣᠭᠤᠳᠴᠤ᠂ ᠭᠤᠤᠯ ᠰᠡᠳᠦᠪᠲᠦ ᠬᠥᠮᠦᠵᠢᠯ ᠎ ᠤᠨ ᠡᠷᠡᠭᠦᠯ ᠪᠥᠭᠡᠳ ᠯᠠᠪᠳᠠᠭᠤᠨ ᠪᠠᠲᠤᠲᠠᠶ ᠭᠦᠨᠵᠡᠭᠡᠶᠢᠷᠡᠨ ᠥᠷᠨᠢᠬᠦ ᠶᠢ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号