ᠮᠠᠨ ᠤ ᠤᠷᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠲᠤᠰᠬᠠᠢ ᠰᠡᠳᠤᠪᠳᠤ ᠲᠠᠶᠢᠯᠤᠮᠵᠢ ᠡᠷᠬᠢᠯᠡᠵᠠᠢ  ᠠᠢ ᠯᠢ ᠬᠤᠸᠠ ᠤᠷᠤᠯᠴᠠᠵᠠᠢ
ᠨᠡᠶᠢᠲᠡᠯᠡᠭᠰᠡᠨ ᠴᠠᠭ᠄
2019/11/18
     11 ᠰᠠᠷ᠎ᠠ ᠶᠢᠨ 16᠎ ᠤ ᠡᠳᠤᠷ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠲᠤᠰᠬᠠᠢ ᠰᠡᠳᠤᠪᠳᠤ ᠲᠠᠶᠢᠯᠤᠮᠵᠢ ᠦᠪᠤᠷ ᠮᠤᠩᠭᠤᠯ ᠤᠨ ᠨᠠᠮ ᠤᠨ ᠰᠤᠷᠭᠠᠭᠤᠯᠢ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠤᠷᠤᠯᠴᠠᠭᠰᠠᠠ ᠪᠦᠬᠡᠳ ᠶᠠᠷᠢᠶ᠎ᠠ ᠲᠠᠯᠪᠢᠵᠠᠢ᠃      ᠠᠢ ᠯᠢ ᠬᠤᠸᠠ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠤᠯᠤᠰ ᠤᠨ ᠪᠠᠶᠢᠳᠠᠯ ᠳᠤ ᠰᠠᠭᠤᠷᠢᠯᠠᠵᠥ᠂ ᠪᠦᠬᠦ ᠲᠡᠯ᠎ᠡ ᠶᠢ ᠪᠤᠳᠤᠯᠬᠢᠯᠠᠨ᠂ ᠢᠷᠡᠬᠡᠳᠤᠢ ᠳᠤ ᠬᠠᠨᠳᠤᠵᠥ ᠭᠠᠷᠭᠠᠭᠰᠠᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠤ ᠪᠤᠳᠤᠯᠭ᠎ᠠ ᠪᠤᠯᠬᠤ ᠪᠦᠭᠡᠳ ᠰᠢᠨ᠎ᠡ ᠴᠠᠭ ᠦᠶ᠎ᠡ ᠳᠤ ᠵᠠᠮ ᠬᠠᠷᠢᠯᠴᠠᠭᠠᠨ ᠤ ᠠᠵᠢᠯ ᠢ ᠰᠠᠶᠢᠳᠤᠷ ᠬᠢᠬᠦ ᠶᠡᠷᠤᠩᠬᠡᠢ ᠠᠳᠬᠤᠴᠠ ᠪᠤᠯᠤᠨ᠎ᠠ᠃ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠎ ᠶᠢᠨ ᠬᠦᠳᠦᠯᠪᠤᠷᠢ︾ ᠪᠤᠯ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠦᠵᠦ ᠲᠦᠯᠥᠪᠯᠡᠭᠡ ᠪᠤᠯᠤᠨ ᠰᠦᠪᠡᠭᠴᠢᠯᠡᠯᠳᠡ ᠪᠠᠶᠢᠵᠥ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢ ᠪᠦᠬᠦ ᠲᠡᠯ᠎ᠡ ᠪᠠᠷ ᠠᠬᠢᠭᠤᠯᠬᠤ ᠳᠤ ᠴᠢᠬᠤᠯᠠ ᠠᠵᠢᠯᠯᠠᠭᠠᠨ ᠤ ᠵᠦᠭᠯᠡᠬᠦᠷ ᠬᠠᠩᠭᠠᠭᠰᠠᠠ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠬᠦᠳᠦᠯᠪᠤᠷᠢ︾᠎ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ ᠪᠠᠶᠢᠨ᠎ᠠ᠂ ᠡᠨᠡ ᠬᠦ ᠬᠦᠳᠦᠯᠪᠤᠷᠢ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠶᠢᠨ ᠲᠦᠯᠥᠬᠡ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠨᠡ ᠤᠳᠠᠭ᠎ᠠ ᠶᠢᠨ ᠲᠤᠰᠬᠠᠢ ᠰᠡᠳᠤᠪᠳᠤ ᠲᠠᠶᠢᠯᠤᠮᠵᠢ ᠶᠢ ᠡᠷᠬᠢᠯᠡᠬᠦ ᠪᠠᠷ ᠲᠤᠭᠳᠠᠵᠠᠢ ᠬᠡᠵᠥ ᠬᠡᠯᠡᠪᠡ᠃      ᠠᠢ ᠯᠢ ᠬᠤᠸᠠ᠂ ᠪᠦᠬᠦ ᠤᠷᠤᠨ ᠤ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠬᠦᠳᠦᠯᠪᠤᠷᠢ︾᠎ ᠶᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠨᠠᠬᠰᠢᠳᠠ ᠴᠢᠩᠭᠠᠷᠠᠭᠤᠯᠵᠥ᠂ ᠰᠤᠷᠤᠯᠴᠠᠬᠤ ᠠᠷᠭ᠎ᠠ ᠵᠠᠮ ᠢᠶᠠᠨ ᠦᠷᠬᠡᠳᠬᠡᠵᠥ᠂ ᠰᠤᠷᠤᠯᠴᠠᠬᠤ ᠠᠴᠢᠶᠠᠯᠠᠪᠤᠷᠢ ᠪᠠᠨ ᠪᠠᠶᠠᠯᠢᠬᠵᠢᠭᠤᠯᠵᠥ᠂ ᠤᠬᠠᠭᠤᠯᠤᠨ ᠲᠤᠭᠤᠰᠢᠯᠠᠭᠤᠯᠬᠤ ᠠᠵᠢᠯ ᠤᠨ ᠪᠦᠳᠦᠮᠵᠢᠳᠤ ᠴᠢᠨᠠᠷ ᠪᠤᠯᠤᠨ ᠨᠦᠯᠥᠬᠡᠯᠡᠬᠦ ᠬᠦᠴᠦᠨ ᠢᠶᠠᠨ ᠴᠢᠩᠭᠠᠷᠠᠭᠤᠯᠵᠥ᠂ ᠪᠦᠬᠦ ᠨᠡᠶᠢᠬᠡᠮ ᠤᠨ ᠬᠢᠨ ᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠲᠠᠨᠢᠯᠳᠡ ᠶᠢ ᠲᠡᠭᠡᠭᠰᠢᠯᠡᠬᠦᠯᠵᠥ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠬᠡᠨ ᠪᠦᠳᠦᠬᠡᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠲᠤᠰ ᠤᠳᠠᠭ᠎ᠠ ᠶᠢᠨ ᠪᠤᠯᠪᠠᠰᠤᠷᠠᠯ ᠳᠤ᠂ ᠦᠪᠡᠷᠳᠡᠭᠡᠨ ᠵᠠᠰᠠᠬᠤ ᠤᠷᠤᠨ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠡᠰᠢᠬᠦᠨ᠂ ᠲᠤᠮᠳᠠᠳᠤ ᠤᠯᠤᠰ ᠤᠨ ᠵᠠᠰᠠᠮᠠᠯ ᠵᠠᠮ ᠤᠨ ᠨᠡᠶᠢᠬᠡᠮᠯᠢᠭ ᠤᠨ ᠬᠡᠷᠡᠭ ᠡᠷᠬᠢᠯᠡᠭᠴᠢᠳ ᠤᠨ ᠲᠠᠷᠤᠭ᠎ᠠ ᠸᠧᠩ ᠮᠧᠩ ᠶᠦᠩ ᠢ ᠤᠷᠢᠵᠥ ᠲᠤᠰᠬᠠᠢ ᠰᠡᠳᠤᠪᠳᠤ ᠲᠠᠶᠢᠯᠤᠮᠵᠢ ᠬᠢᠯᠬᠡᠪᠡ᠃ ᠸᠧᠩ ᠮᠧᠩ ᠶᠦᠩ ᠶᠠᠭᠤᠨ ᠳᠤ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ᠂ ᠶᠠᠮᠠᠷ ᠰᠢᠦ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠵᠡᠷᠬᠡ ᠲᠠᠯ᠎ᠠ ᠪᠠᠷ ︽ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢᠨ ᠬᠦᠳᠦᠯᠪᠤᠷᠢ︾᠎ ᠶᠢᠨ ᠠᠭᠤᠯᠬᠤᠨ ᠢ ᠪᠦᠬᠦ ᠲᠡᠯ᠎ᠡ ᠪᠠᠷ ᠲᠠᠶᠢᠯᠪᠤᠷᠢᠯᠠᠬᠰᠠᠠ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠤᠷᠢ᠂ ᠬᠦᠭᠵᠢᠬᠦᠯᠥᠯᠳᠡ ᠪᠠ ᠦᠬᠡᠷᠡᠴᠢᠯᠡᠯᠳᠡ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ 23 ᠲᠢᠩᠬᠢᠮ ᠲᠤᠪᠴᠢᠶ᠎ᠠ ᠵᠢᠴᠢ ᠬᠠᠮᠢᠶ᠎ᠠ ᠪᠦᠬᠦᠢ ᠤᠯᠤᠰ ᠤᠨ ᠦᠮᠴᠢᠯᠡᠯ ᠤᠨ ᠠᠵᠥ ᠠᠬᠤᠢᠢᠯᠠᠯ ᠤᠨ 400 ᠭᠠᠷᠤᠢ ᠬᠦᠮᠥᠨ ᠲᠤᠰ ᠤᠳᠠᠭ᠎ᠠ ᠶᠢᠨ ᠲᠤᠰᠬᠠᠢ ᠰᠡᠳᠤᠪᠳᠤ ᠲᠠᠶᠢᠯᠤᠮᠵᠢ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号