ᠲᠦᠷᠦᠭᠦᠬᠡᠨ ᠬᠤᠷᠠᠯᠳᠤᠭᠤᠯᠤᠭᠰᠠᠨ ︽ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠪᠠ | ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠣᠬᠠᠢ ᠵᠤᠷᠰᠢᠯᠲᠤ | ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠪᠠ ᠲᠠᠷᠢᠶᠠᠯᠠᠩ ᠤᠨ | ᠮᠠᠰᠢᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠨᠡᠯᠢᠶᠡᠳ ᠲᠦᠷᠭᠡᠨ ᠬᠥᠭᠵᠢᠯᠲᠡ ᠶᠢᠨ ᠪᠠᠶᠢᠳᠠᠯ ᠢᠶᠠᠨ | ᠪᠠᠲᠤᠯᠠᠵᠤ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠬᠡᠨ ᠰᠢᠨ᠎ᠡ ᠠᠮᠢᠵᠢᠷᠠᠯ ᠤᠨ ᠬᠦᠴᠦᠨ ᠲᠠᠢ | ᠪᠣᠯᠪᠠ᠃ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠬᠤᠷᠰᠢᠶᠠᠵᠢᠯ ᠤᠨ ᠶᠡᠷᠦᠩᠬᠡᠶ ᠲᠤᠭ᠎ᠠ 2720 ᠳᠤ ᠬᠦᠷᠴᠦ᠂ | ᠲᠠᠷᠢᠶᠠᠯᠠᠩ ᠤᠨ ᠮᠠᠰᠢᠨ ᠤ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠᠷ | ᠭᠤᠣᠯ ᠲᠦᠪ ᠪᠣᠯᠭᠠᠨ ᠥᠷᠨᠢᠭᠦᠯᠦᠭᠰᠡᠨ ᠲᠠᠷᠢᠶᠠᠯᠠᠩ ᠤᠨ ᠮᠠᠰᠢᠨ ᠤ ᠨᠡᠶᠢᠳᠠᠨ ᠬᠠᠮᠢᠶᠠᠷᠣᠭᠤᠯᠬᠤ ᠦᠢᠯᠡᠴᠢᠯᠡᠬᠡᠨ | ᠲᠠᠰᠤᠷᠠᠯᠲᠠ ᠦᠭᠡᠢ ᠥᠷᠭᠡᠵᠢᠨ᠂ ᠲᠠᠷᠢᠶᠠᠯᠠᠩ ᠤᠨ ᠮᠠᠰᠢᠨ ᠤ ᠬᠤᠷᠰᠢᠶᠠᠵᠢᠯ ᠤᠨ ᠦᠢᠯᠡᠴᠢᠯᠡᠬᠡᠨ ᠤ ᠲᠠᠯᠠᠪᠠᠢ | 526.5 ᠲᠦᠮᠡᠨ ᠮᠤ᠋ ᠳᠤ ᠬᠦᠷᠴᠡᠶ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠤ ᠲᠠᠷᠢᠶᠠᠯᠠᠩ ᠤᠨ ᠮᠠᠰᠢᠨ | ᠲᠣᠨᠣᠭᠯᠠᠯ ᠳᠠᠬᠢᠨ ᠰᠢᠨ᠎ᠡ ᠲᠦᠪᠰᠢᠨ ᠳᠤ ᠭᠠᠷᠴᠤ᠂ ᠮᠠᠰᠢᠨᠴᠢᠯᠠᠯᠲᠠ ᠶᠢᠨ ᠬᠢᠷᠢ ᠬᠡᠮᠵᠢᠶ᠎ᠡ ᠰᠢᠨ᠎ᠡ | ᠳᠡᠭᠡᠭᠰᠢᠯᠡᠯᠲᠡ ᠲᠠᠢ ᠪᠣᠯᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠯᠲᠡ ᠳᠠᠬᠢᠨ ᠰᠢᠨ᠎ᠡ ᠳᠡᠭᠲᠡᠷ ᠲᠤ | ᠭᠠᠷᠪᠠ᠃ 2018 ᠣᠨ ᠳᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠶᠡᠷᠦᠩᠬᠡᠶ | ᠬᠥᠳᠡᠯᠭᠡᠬᠦ ᠬᠦᠴᠦᠨ 3663.7 ᠲᠦᠮᠡᠨ ᠺᠢᠯᠣᠸᠠᠲ ᠲᠤ ᠬᠦᠷᠴᠦ᠂ ᠲᠣᠮᠣ ᠬᠡᠯᠪᠡᠷᠢ ᠶᠢᠨ ᠳᠡᠭᠡᠳᠣ ᠲᠡᠰ ᠤᠨ | ᠮᠠᠰᠢᠨ ᠮᠧᠬᠠᠨᠢᠭ ᠤᠨ ᠪᠠᠲᠤᠯᠠᠪᠤᠷᠢ ᠶᠢ ᠵᠢᠯ ᠳᠠᠷᠠᠭᠠᠯᠠᠨ ᠨᠡᠮᠡᠭᠳᠡᠭᠦᠯᠵᠦ᠂ ᠮᠠᠰᠢᠨ ᠤ ᠪᠦᠯᠦᠭᠯᠡᠯ ᠤᠨ ᠪᠠᠶᠢᠭᠤᠯᠤᠮᠵᠢ ᠶᠢ | ᠠᠯᠬᠤᠮ ᠠᠯᠬᠤᠮ ᠢᠶᠠᠷ ᠰᠢᠯᠢᠳᠡᠭᠵᠢᠭᠦᠯᠪᠡ᠃ 2018 ᠣᠨ ᠳᠤ᠂ ᠪᠥᠬᠦ ᠣᠷᠣᠨ ᠤ ᠲᠠᠷᠢᠮᠠᠯ ᠤᠨ ᠮᠠᠰᠢᠨ ᠢᠶᠠᠷ | ᠬᠠᠭᠠᠯᠪᠣᠷᠢᠯᠠᠬᠤ᠂ ᠮᠠᠰᠢᠨ ᠢᠶᠠᠷ ᠦᠷ᠎ᠠ ᠰᠠᠴᠣᠬᠤ᠂ ᠮᠠᠰᠢᠨ ᠢᠶᠠᠷ ᠬᠤᠷᠢᠶᠠᠬᠤ ᠬᠢᠷᠢ ᠬᠡᠮᠵᠢᠶ᠎ᠡ ᠪᠠᠷᠤᠭ ᠲᠣᠰ ᠲᠣᠰ | 92%᠂ 88% ᠪᠠ 69% ᠳᠤ ᠬᠦᠷᠴᠦ᠂ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ | ᠬᠡᠮᠵᠢᠶ᠎ᠡ 84% ᠳᠤ ᠬᠦᠷᠴᠦ᠂ ᠪᠥᠬᠦ ᠤᠯᠤᠰ ᠤᠨ ᠳᠤᠮᠳᠠᠴᠢ ᠮᠠᠰᠢᠨᠴᠢᠯᠠᠯᠲᠠ ᠶᠢᠨ ᠬᠢᠷᠢ ᠲᠦᠪᠰᠢᠨ ᠠᠴᠠ 17 | ᠵᠠᠭᠤᠨ ᠤ ᠴᠡᠭ ᠳᠠᠪᠠᠭᠰᠠᠨ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠣᠷᠢᠳᠣ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽ᠲᠠᠷᠢᠶᠠᠯᠠᠩ ᠤᠨ ᠮᠠᠰᠢᠨᠴᠢᠯᠠᠯᠲᠠ | ᠪᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦᠯᠬᠦ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ | ᠤᠨ ᠵᠣᠷᠢᠭ ᠰᠠᠨᠠᠭ᠎ᠠ ᠶᠢ ᠦᠨᠳᠦᠰᠦᠯᠡᠨ᠂ 10 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠪᠠ | ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ | ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾ ᠳᠤ ᠥᠪᠡᠷᠲᠡᠭᠡᠨ | ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠮᠠᠨ ᠤ ᠣᠷᠣᠨ ᠤ ᠵᠡᠭᠦᠨ ᠪᠠᠷᠠᠭᠤᠨ | ᠣᠷᠣᠨ ᠤ ᠲᠠᠷᠢᠶᠠᠨ ᠭᠠᠵᠠᠷ ᠤᠨ ᠨᠥᠬᠦᠴᠡᠯ ᠤᠨ ᠵᠥᠷᠢᠶ᠎ᠡ ᠶᠡᠭᠡ᠂ ᠣᠨᠴᠠᠯᠢᠭᠲᠤ ᠠᠵᠤ ᠦᠢᠯᠡᠰ ᠤᠨ | ᠲᠠᠷᠢᠶᠠᠯᠠᠩ ᠤᠨ ᠮᠠᠰᠢᠨ ᠲᠣᠨᠤᠭ ᠲᠥᠬᠦᠭᠡᠷᠦᠮᠵᠢ ᠶᠢᠨ ᠪᠦᠲᠦᠮᠵᠢᠲᠡᠶ ᠬᠠᠩᠭᠠᠯᠭ᠎ᠠ ᠬᠦᠷᠦᠯᠴᠡᠬᠦ ᠥᠬᠡᠶ᠂ | ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠤᠨ ᠠᠭᠤᠰᠤᠯᠴᠠᠯ ᠬᠦᠷᠦᠯᠴᠡᠬᠦ ᠥᠬᠡᠶ ᠪᠠᠶᠢᠬᠤ ᠪᠠ ᠮᠠᠯ ᠠᠵᠤ | ᠠᠬᠤᠢ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ᠂ ᠨᠡᠶᠢᠭᠡᠮᠴᠢᠯᠡᠭᠰᠡᠨ | ᠦᠢᠯᠡᠴᠢᠯᠡᠬᠡᠨ ᠤ ᠴᠢᠳᠠᠪᠤᠷᠢ ᠪᠠᠭᠤᠷᠠᠶ ᠪᠠᠶᠢᠬᠤ ᠵᠡᠷᠬᠡ ᠣᠨᠴᠠᠯᠢᠭ ᠢ ᠪᠠᠲᠤ ᠡᠵᠡᠮᠳᠡᠵᠦ᠂ 2020 ᠤᠨ ᠪᠣᠯᠬᠤ ᠳᠤ | ᠪᠥᠬᠦ ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ ᠢ 4000 ᠲᠦᠮᠡᠨ ᠺᠢᠯᠣᠸᠠᠲ ᠠᠴᠠ | ᠳᠠᠪᠠᠭᠤᠯᠵᠣ᠂ ᠲᠠᠷᠢᠮᠠᠯ ᠤᠨ ᠵᠦᠢᠯ ᠢ ᠬᠠᠭᠠᠯᠪᠣᠷᠢᠯᠠᠬᠤ ᠲᠠᠷᠢᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ | ᠨᠣᠷᠮ᠎ᠠ ᠶᠢ 85% ᠳᠤ ᠬᠦᠷᠣᠬᠦᠯᠵᠤ᠂ ᠭᠤᠤᠯ ᠪᠣᠯᠬᠤ ᠲᠠᠷᠢᠮᠠᠯ ᠤᠨ ᠦᠢᠯᠡᠳᠪᠣᠷᠢᠯᠡᠯ ᠤᠨ ᠪᠥᠬᠦ ᠶᠠᠪᠤᠴᠠ ᠶᠢᠨ | ᠮᠠᠰᠢᠨᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ︔ 2025 ᠣᠨ ᠪᠣᠯᠬᠤ ᠳᠤ᠂ ᠪᠦᠬᠦ ᠣᠷᠣᠨ ᠤ | ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ ᠢ 5000 ᠲᠦᠮᠡᠨ ᠺᠢᠯᠣᠸᠠᠲ ᠣᠷᠴᠢᠮ ᠳᠤ | ᠲᠣᠭᠲᠠᠪᠤᠷᠢᠵᠢᠭᠤᠯᠵᠤ᠂ ᠬᠠᠭᠠᠯᠪᠣᠷᠢᠯᠠᠬᠤ ᠲᠠᠷᠢᠬᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ | 88% ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠢ ᠶᠢᠨ ᠣᠨᠴᠠᠯᠢᠭᠲᠤ ᠲᠠᠷᠢᠮᠠᠯ ᠤᠨ ᠦᠢᠯᠡᠳᠪᠣᠷᠢᠯᠡᠯ ᠤᠨ | ᠪᠦᠬᠦ ᠶᠠᠪᠤᠴᠠ ᠶᠢᠨ ᠮᠠᠰᠢᠨᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠮᠠᠨ ᠤ ᠣᠷᠣᠨ ᠬᠠᠨᠳᠤᠯᠭᠠᠲᠤ | ᠴᠢᠨᠠᠷᠲᠠᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠳᠡᠯᠡᠨ᠂ ᠲᠠᠷᠢᠶᠠᠯᠠᠩ ᠤᠨ ᠮᠠᠰᠢᠨᠴᠢᠯᠠᠯᠲᠠ ᠪᠠ | ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ | ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠳᠤ ᠬᠦᠴᠦᠲᠡᠶ ᠲᠣᠨᠤᠭ ᠲᠦᠬᠦᠭᠡᠷᠣᠮᠵᠢ ᠪᠠ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ ᠭᠡᠵᠡᠢ᠃ |