ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠥᠪᠥᠷ ᠮᠣᠩᠭᠤᠯ ᠤᠨ ᠠᠷᠠᠯᠵᠢᠶ᠎ᠠ ᠶᠢ ᠠᠬᠢᠭᠤᠯᠬᠤ ᠡᠪᠯᠡᠯ ᠤᠨ 2019 ᠣᠨ ᠤ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2019/11/20
     11 ᠳ᠋ᠦ᠋ᠭᠡᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠥᠷ ᠮᠣᠩᠭᠤᠯ ᠤᠨ ᠠᠷᠠᠯᠵᠢᠶ᠎ᠠ ᠶᠢ ᠠᠬᠢᠭᠤᠯᠬᠤ ᠡᠪᠯᠡᠯ ᠤᠨ 2019 ᠣᠨ ᠤ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠠᠵᠢᠯᠯᠠᠭ᠎ᠠ ᠶᠢᠨ ᠦᠷ᠎ᠡ ᠪᠦᠲᠦᠭᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠨᠡᠶᠢᠲᠡᠯᠡᠭᠰᠡᠨ ᠢᠶᠠᠷ᠂ 2019 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠤᠯᠠᠨ ᠭᠢᠯᠠᠰ ᠴᠡᠭ ᠢᠯᠡᠷᠡᠪᠡ᠄ ᠬᠠᠷᠢᠯᠴᠠᠭ᠎ᠠ ᠬᠤᠯᠪᠣᠭ᠎ᠠ ᠶᠢᠨ ᠬᠠᠮᠲᠤᠷᠠᠯᠴᠠᠭᠠᠨ ᠤ ᠠᠷᠭ᠎ᠠ ᠵᠠᠮ ᠢᠶᠠᠨ ᠥᠷᠭᠡᠳᠬᠡᠵᠦ᠂ ᠭᠠᠳᠠᠭᠠᠳᠤ ᠠᠷᠠᠯᠵᠢᠶ᠎ᠠ ᠰᠣᠯᠢᠯᠴᠠᠭ᠎ᠠ ᠶᠢᠨ ᠲᠠᠯ᠎ᠠ ᠪᠠᠷ ᠣᠯᠠᠨ ᠰᠢᠪᠲᠤᠯᠤᠯᠲᠠ ᠲᠠᠢ︔ ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠵᠤ᠂ ᠠᠵᠤ ᠠᠬᠤᠶ ᠠᠷᠠᠯᠵᠢᠶᠠᠨ ᠤ ᠠᠵᠢᠯᠯᠠᠭ᠎ᠠ ᠡᠯᠪᠡᠭ ᠪᠠᠶᠠᠨ ᠦᠷ᠎ᠡ ᠪᠦᠲᠦᠭᠡᠯ ᠣᠯᠵᠠᠢ︔ ᠬᠤᠳᠠᠯᠳᠤᠭᠠᠨ ᠤ ᠵᠦᠢᠯᠡᠰ ᠤᠨ ᠬᠠᠤᠯᠢ ᠴᠠᠭᠠᠵᠠ ᠶᠢᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠠᠢ︔ ᠭᠡᠰᠢᠭᠦᠳ ᠲᠤ ᠦᠢᠯᠡᠴᠢᠯᠡᠬᠦ ᠴᠢᠳᠠᠮᠵᠢ ᠪᠠᠨ ᠨᠡᠮᠡᠭᠳᠡᠭᠦᠯᠵᠦ᠂ ᠬᠤᠳᠠᠯᠳᠤᠭᠠᠴᠢᠳ ᠤᠨ ᠡᠪᠯᠡᠯ ᠤᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠵᠡᠢ᠃      ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠣᠯᠤᠨ ᠤᠮᠠᠷᠠᠲᠤ ᠠᠮᠧᠷᠢᠺᠠ ᠲᠢᠪ᠂ ᠧᠦ᠋ᠷᠣᠫᠠ ᠲᠢᠪ᠂ ᠶᠠᠫᠣᠨ ᠺᠣᠷᠢᠶᠠ ᠵᠡᠷᠭᠡ ᠭᠤᠤᠯ ᠪᠣᠯᠬᠤ ᠠᠵᠤ ᠠᠬᠤᠢ ᠶᠢᠨ ᠴᠣᠭᠴᠠ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠶᠢᠨ ᠵᠠᠰᠠᠭ ᠤᠨ ᠭᠠᠵᠠᠷ ᠤᠨ ᠪᠠᠶᠢᠭᠤᠯᠤᠮᠵᠢ ᠪᠣᠯᠤᠨ ᠠᠵᠤ ᠦᠢᠯᠡᠳᠪᠦᠷᠢ ᠬᠤᠳᠠᠯᠳᠤᠭᠠᠨ ᠤ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠰᠣᠯᠢᠯᠴᠠᠭ᠎ᠠ ᠪᠠᠨ ᠢᠳᠡᠪᠬᠢᠲᠡᠢ ᠥᠷᠭᠡᠳᠬᠡᠵᠦ᠂ ᠬᠤᠶᠠᠷ ᠲᠠᠯ᠎ᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠲᠠᠶᠢᠸᠠᠨ ᠰᠢᠶᠠᠩᠭᠠᠩ ᠣᠣᠮᠧᠨ ᠵᠡᠷᠭᠡ ᠭᠠᠵᠠᠷ ᠣᠷᠣᠨ ᠤ ᠢᠵᠢᠯ ᠲᠥᠷᠥᠯ ᠤᠨ ᠪᠠᠶᠢᠭᠤᠯᠤᠮᠵᠢ ᠯᠤᠭ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠵᠢᠭᠦᠯᠵᠦ᠂ ᠳᠣᠲᠣᠭᠠᠳᠤ ᠭᠠᠳᠠᠭᠠᠳᠤ ᠶᠢᠨ ︽ᠨᠠᠶᠢᠵᠠ ᠶᠢᠨ ᠲᠣᠭᠤᠷᠢᠭ︾᠎ ᠢᠶᠠᠨ ᠲᠠᠰᠤᠷᠠᠯᠲᠠ ᠦᠭᠡᠢ ᠥᠷᠭᠡᠳᠬᠡᠵᠦ᠂ ᠪᠦᠬᠦ ᠲᠠᠯ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠰᠢᠨ᠎ᠡ ᠣᠷᠣᠨ ᠵᠠᠶ ᠶᠢ ᠨᠡᠭᠡᠭᠡᠵᠦ ᠥᠭᠴᠡᠶ᠃      ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ 2019 ᠣᠨ ᠤ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠥᠪᠥᠷ ᠮᠣᠩᠭᠤᠯ ᠤᠨ ᠭᠤᠤᠯ ᠰᠡᠳᠦᠪᠲᠦ ᠠᠵᠢᠯᠯᠠᠭ᠎ᠠ ᠶᠢᠨ ᠡᠳᠦᠷ︾ ᠪᠠ 21 ᠲᠠᠯᠠᠪᠠᠢ ᠤᠳᠠᠭ᠎ᠠ ᠶᠢᠨ ᠠᠶᠢᠮᠠᠭ ᠬᠤᠲᠠ ᠶᠢᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ᠂ ᠥᠪᠥᠷ ᠮᠣᠩᠭᠤᠯ ᠤᠨ ᠠᠮᠢ ᠨᠠᠰᠤᠨ ᠤ ᠬᠠᠮᠲᠤ ᠶᠢᠨ ᠴᠣᠭᠴᠠ ᠶᠢᠨ ᠦᠵᠡᠭᠦᠯᠭᠡ ᠶᠢᠨ ᠬᠦᠷᠢᠶᠡᠯᠡᠩ ᠨᠢ ᠵᠣᠬᠢᠶᠠᠨ ᠪᠠᠶᠢᠭᠤᠯᠬᠤ ᠡᠪᠯᠡᠯ ᠤᠨ ᠬᠠᠮᠤᠭ ᠤᠨ ᠥᠨᠳᠥᠷ ᠱᠠᠩᠨᠠᠯ ᠢ ᠬᠦᠷᠲᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ 550 ᠲᠦᠮᠡᠨ ᠬᠥᠮᠦᠨ ᠤᠳᠠᠭ᠎ᠠ ᠵᠠᠯᠭᠠᠭ᠎ᠠ ᠪᠠᠷ ᠬᠦᠷᠦᠯᠴᠡᠨ ᠢᠷᠡᠵᠦ᠂ ᠥᠪᠥᠷ ᠮᠣᠩᠭᠤᠯ ᠤᠨ ᠠᠮᠢ ᠠᠬᠤᠢ ᠶᠢᠨ ᠭᠤᠸ᠎ᠠ ᠰᠠᠶᠢᠬᠠᠨ᠂ ᠬᠦᠮᠦᠨ ᠰᠣᠶᠣᠯ ᠤᠨ ᠭᠤᠸ᠎ᠠ ᠰᠠᠶᠢᠬᠠᠨ ᠢ ᠬᠠᠮᠲᠤ ᠪᠠᠷ ᠣᠶᠢᠯᠠᠭᠠᠪᠠ᠃      ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠲᠠᠪᠴᠠᠩ ᠢ ᠬᠦᠴᠦᠯᠡᠨ ᠪᠠᠶᠢᠭᠤᠯᠵᠤ᠂ ᠶᠠᠫᠣᠨ ᠤ ᠳᠤᠮᠳᠠᠳᠤ ᠶᠠᠫᠣᠨ ᠤ ᠠᠵᠤ ᠠᠬᠤᠢ ᠶᠢᠨ ᠨᠡᠶᠢᠭᠡᠮᠯᠢᠭ᠂ ᠰᠢᠩᠭᠠᠫᠣᠷ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠶᠡᠷᠦᠩᠬᠡᠶ ᠡᠪᠯᠡᠯ ᠵᠡᠷᠭᠡ ᠭᠠᠳᠠᠭᠠᠳᠤ ᠤᠯᠤᠰ ︵ᠬᠢᠯᠢ︶᠎ ᠤᠨ ᠭᠠᠳᠠᠭᠠᠳᠤ ᠠᠷᠠᠯᠵᠢᠶᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ 15 ᠪᠥᠯᠥᠭ ᠤᠳᠠᠭ᠎ᠠ ᠠᠮᠵᠢᠯᠲᠠ ᠲᠠᠢ ᠤᠷᠢᠵᠤ ᠠᠶᠢᠯᠴᠢᠯᠠᠯᠲᠠ ᠬᠢᠯᠭᠡᠪᠡ︔ 9 ᠪᠥᠯᠥᠭ 312 ᠬᠥᠮᠦᠨ ᠤᠳᠠᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ ᠣᠷᠣᠰ᠂ ᠮᠣᠩᠭᠤᠯ ᠤᠯᠤᠰ᠂ ᠪᠧᠯᠤᠷᠦ᠋ᠰᠢᠶ᠎ᠠ᠂ ᠠᠩᠭ᠍ᠯᠢ᠂ ᠠᠦ᠋ᠰᠲᠷᠢᠶ᠎ᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠺᠣᠷᠢᠶᠠ ᠵᠡᠷᠭᠡ 10 ᠭᠠᠷᠤᠶ ᠤᠯᠤᠰ ᠪᠠ ᠭᠠᠵᠠᠷ ᠣᠷᠣᠨ ᠳᠤ ᠠᠶᠢᠯᠴᠢᠯᠠᠵᠤ ᠠᠵᠤ ᠠᠬᠤᠶ ᠠᠷᠠᠯᠵᠢᠶ᠎ᠠ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ︔ 200 ᠭᠠᠷᠤᠶ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠠᠷᠪᠠᠨ ᠲᠠᠪᠤᠳᠤᠭᠠᠷ ᠬᠤᠭᠤᠴᠠᠭᠠᠨ ᠤ ᠳᠡᠯᠡᠬᠡᠶ ᠶᠢᠨ ᠳᠤᠮᠳᠠᠳᠤ ᠶᠢᠨ ᠬᠤᠳᠠᠯᠳᠤᠭᠠᠴᠢᠨ ᠤ ᠶᠡᠭᠡ ᠬᠤᠷᠠᠯ᠂ ᠳᠤᠮᠳᠠᠳᠤ ᠤᠯᠤᠰ — ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠠᠵᠤ ᠠᠬᠤᠶ ᠠᠷᠠᠯᠵᠢᠶ᠎ᠠ ᠶᠢᠨ ᠬᠠᠮᠲᠤᠷᠠᠯᠴᠠᠭᠠᠨ ᠤ ᠰᠤᠳᠤᠯᠤᠨ ᠶᠠᠷᠢᠯᠴᠠᠬᠤ ᠬᠤᠷᠠᠯ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠵᠡᠷᠭᠡ ᠬᠢᠯᠢ ᠶᠢᠨ ᠳᠣᠲᠣᠨ᠎ᠠ ᠭᠠᠳᠠᠨᠠᠬᠢ ᠣᠯᠠᠨ ᠤᠯᠤᠰ ᠤᠨ ᠴᠢᠨᠠᠷᠲᠠᠶ ᠬᠤᠷᠠᠯ ᠪᠣᠯᠤᠨ ᠦᠵᠡᠰᠬᠦᠯᠡᠩ ᠳᠤ 23 ᠲᠠᠯᠠᠪᠠᠢ ᠣᠷᠣᠯᠴᠠᠭᠤᠯᠪᠠ᠃      2019 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠠᠴᠠ ᠡᠯ᠎ᠡ ᠲᠥᠷᠥᠯ ᠤᠨ ᠦᠵᠡᠰᠬᠦᠯᠡᠩ ᠤᠨ ᠶᠠᠷᠢᠶᠠᠨ ᠤ ᠲᠠᠪᠴᠠᠩ ᠢ ᠨᠡᠶᠢᠲᠡ 18 ᠲᠠᠯᠠᠪᠤᠷ ᠤᠳᠠᠭ᠎ᠠ ᠡᠷᠬᠢᠯᠡᠵᠦ᠂ ᠦᠵᠡᠰᠬᠦᠯᠡᠩ ᠳᠤ 3130 ᠠᠵᠤ ᠠᠬᠤᠶᠢᠯᠠᠯ ᠣᠷᠤᠯᠴᠠᠵᠤ᠂ ᠦᠵᠡᠰᠬᠦᠯᠡᠩ ᠤᠨ ᠲᠠᠯᠠᠪᠠᠢ 500 ᠲᠡᠭᠰᠢ ᠳᠥᠷᠪᠡᠯᠵᠢᠨ ᠮᠧᠲᠷ ᠲᠤ ᠬᠦᠷᠴᠦ᠂ ᠲᠤᠬᠠᠶ ᠶᠢᠨ ᠲᠠᠯᠠᠪᠠᠢ ᠶᠢᠨ ᠠᠷᠠᠯᠵᠢᠶ᠎ᠠ ᠪᠦᠲᠦᠭᠰᠡᠨ ᠲᠤᠭ᠎ᠠ 3.09 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠲᠥᠷᠥᠯ ᠤᠨ ᠬᠠᠮᠲᠤᠷᠠᠯᠴᠠᠭᠠᠨ ᠤ ᠰᠠᠨᠠᠮᠵᠢ ᠶᠢᠨ ᠵᠥᠪᠯᠡᠯᠴᠡᠭᠡᠷ ᠢ 46 ᠵᠦᠢᠯ ᠲᠣᠭᠲᠠᠵᠤ᠂ ᠵᠥᠪᠯᠡᠯᠴᠡᠭᠡᠷ ᠤᠨ ᠪᠡᠯᠡ ᠮᠥᠩᠭᠦ ᠨᠢ 498 ᠳ᠋ᠦᠩᠰᠢᠭᠤᠷ ᠲᠥᠭᠦᠷᠢᠭ ᠲᠤ ᠬᠦᠷᠴᠡᠶ᠃      2019 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠤᠨ ᠰᠢᠨ᠎ᠡ ᠪᠠᠷ ᠨᠡᠮᠡᠭᠳᠡᠭᠰᠡᠨ ᠭᠡᠰᠢᠭᠦᠨ ᠠᠵᠤ ᠠᠬᠤᠶᠢᠯᠠᠯ 230 ᠪᠠᠶᠢᠵᠤ᠂ ᠶᠡᠷᠦᠩᠬᠡᠶ ᠭᠡᠰᠢᠭᠦᠨ ᠠᠵᠤ ᠠᠬᠤᠶᠢᠯᠠᠯ 731 ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号