|
ᠭᠠᠳᠠᠭᠠᠳᠤ ᠳᠠᠬᠢ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠳᠡᠭᠡᠭᠰᠢᠯᠡᠪᠡ |
|
|
ᠨᠡᠶᠢᠲᠡᠯᠡᠭᠰᠡᠨ ᠴᠠᠭ᠄
2019/11/20
|
|
ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠰᠢᠨ᠎ᠡ ᠪᠠᠷ ᠳᠠᠩᠰᠠᠯᠠᠭᠤᠯᠤᠭᠰᠠᠨ ᠭᠠᠳᠠᠭᠠᠳᠤ ᠳᠤ ᠬᠠᠨᠳᠤᠭᠤᠯᠤᠭᠰᠠᠨ ᠪᠠᠯᠠ ᠣᠷᠤᠭᠤᠯᠬᠤ ᠠᠵᠤ ᠠᠬᠤᠶᠢᠯᠠᠯ 48 ᠪᠣᠯᠵᠤ᠂ ᠠᠳᠠᠯᠢ ᠬᠤᠭᠤᠴᠠᠭᠠᠨ ᠤ ᠬᠢ ᠠᠴᠠ 14 ᠨᠡᠮᠡᠭᠳᠡᠵᠡᠶ᠂ ᠳᠤᠮᠳᠠᠳᠤ ᠶᠢᠨ ᠲᠠᠯ᠎ᠠ ᠶᠢᠨ ᠬᠡᠯᠡᠯᠴᠡᠭᠡᠷ ᠤᠨ ᠪᠠᠯᠠ ᠣᠷᠣᠭᠤᠯᠤᠯᠲᠠ ᠶᠢᠨ ᠪᠥᠬᠦ ᠲᠤᠭ᠎ᠠ 7.02 ᠳ᠋ᠦᠩᠰᠢᠭᠤᠷ ᠳ᠋ᠣᠯᠯᠠᠷ ᠲᠤ ᠬᠦᠷᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠨᠡᠮᠡᠭᠳᠡᠭᠰᠡᠨ ᠪᠥᠭᠡᠳ ᠠᠳᠠᠯᠢ ᠬᠤᠭᠤᠴᠠᠭᠠᠨ ᠤ ᠬᠢ ᠠᠴᠠ 20.5 % ᠪᠠᠷ ᠨᠡᠮᠡᠭᠳᠡᠵᠡᠶ᠃ ᠠᠵᠤ ᠠᠬᠤᠶᠢᠯᠠᠯ ᠨᠢ ᠬᠢᠯᠢ ᠶᠢᠨ ᠭᠠᠳᠠᠨ᠎ᠠ ᠭᠤᠤᠯᠳᠠᠭᠤ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ᠂ ᠲᠠᠷᠢᠶᠠᠯᠠᠩ ᠤᠨ ᠬᠠᠮᠲᠤᠷᠠᠯᠴᠠᠭ᠎ᠠ ᠬᠢᠬᠦ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠠᠰᠢᠭᠯᠠᠬᠤ᠂ ᠢᠳᠡᠭᠡᠨ ᠪᠣᠯᠪᠠᠰᠤᠷᠠᠭᠤᠯᠬᠤ ᠵᠢᠴᠢ ᠡᠩ ᠤᠨ ᠠᠷᠠᠯᠵᠢᠶ᠎ᠠ ᠵᠡᠷᠭᠡ ᠶᠢ ᠡᠷᠬᠢᠯᠡᠨ ᠬᠢᠵᠦ ᠪᠣᠢ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 44 ᠪᠣᠯᠵᠤ᠂ ᠠᠳᠠᠯᠢ ᠬᠤᠭᠤᠴᠠᠭᠠᠨ ᠤ ᠬᠢ ᠠᠴᠠ 1 ᠬᠠᠰᠤᠭᠳᠠᠪᠠ︔ ᠭᠠᠳᠠᠭᠠᠳᠤ ᠪᠡᠯᠡ ᠶᠢ 15.58 ᠳ᠋ᠦᠩᠰᠢᠭᠤᠷ ᠳ᠋ᠣᠯᠯᠠᠷ ᠪᠣᠳᠠᠲᠠᠶ ᠠᠰᠢᠭᠯᠠᠵᠤ᠂ ᠠᠳᠠᠯᠢ ᠬᠤᠭᠤᠴᠠᠭᠠᠨ ᠤ ᠬᠢ ᠠᠴᠠ 23.3 % ᠪᠠᠷ ᠪᠠᠭᠤᠷᠠᠪᠠ᠃ ᠤᠯᠤᠰ ᠤᠨ ᠢᠯᠭᠠᠯ ︵ᠭᠠᠵᠠᠷ ᠣᠷᠣᠨ︶ ᠠᠴᠠ ᠦᠵᠡᠪᠡᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠭᠤᠤᠯᠳᠠᠭᠤ ᠳᠤᠮᠳᠠᠳᠤ ᠤᠯᠤᠰ ᠤᠨ ᠰᠢᠶᠠᠩᠭᠠᠩ ᠠᠴᠠ ᠢᠷᠡᠯᠲᠡ ᠲᠠᠢ︔ ᠪᠡᠯᠡ ᠣᠷᠣᠭᠤᠯᠤᠯᠲᠠ ᠶᠢᠨ ᠠᠵᠢᠯ ᠲᠥᠷᠥᠯ ᠠᠴᠠ ᠦᠵᠡᠪᠡᠯ᠂ ᠭᠤᠤᠯᠳᠠᠭᠤ ᠠᠭᠤᠷᠬᠠᠶ ᠮᠠᠯᠲᠠᠬᠤ ᠦᠶᠯᠡᠰ᠂ ᠦᠶᠯᠡᠳᠬᠦ ᠦᠶᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠵᠡᠷᠭᠡ ᠳᠤ ᠲᠥᠪᠯᠡᠷᠡᠵᠦ ᠪᠠᠶᠢᠨ᠎ᠠ︔ ᠪᠠᠯᠠ ᠮᠥᠩᠭᠦ ᠶᠢᠨ ᠲᠠᠷᠬᠠᠯᠲᠠ ᠶᠢᠨ ᠪᠠᠶᠢᠳᠠᠯ ᠠᠴᠠ ᠦᠵᠡᠪᠡᠯ᠂ ᠭᠤᠤᠯᠳᠠᠭᠤ ᠣᠷᠳᠣᠰ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠬᠦᠬᠡᠬᠤᠲᠠ ᠳᠤ ᠲᠥᠪᠯᠡᠷᠡᠵᠦ ᠪᠠᠶᠢᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|