ᠮᠠᠨ ᠤ ᠤᠷᠤᠨ ᠤ ᠠᠮᠢ ᠠᠬᠤᠢ ᠪᠠᠷ ᠶᠠᠳᠠᠭᠤ ᠶᠢ ᠲᠡᠳᠭᠦᠬᠦ ᠠᠵᠢᠯ 8 ᠲᠦᠮᠡ ᠰᠢᠬᠠᠮ ᠶᠠᠳᠠᠭᠤ ᠬᠦᠴᠢᠷᠳᠡᠯᠲᠡᠢ ᠬᠦᠮᠦᠨ ᠠᠮᠠ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2019/11/21
      ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠷᠤᠨ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠲᠠᠢ ᠵᠡᠷᠭᠡ ᠪᠠᠷ ᠲᠦᠯᠦᠪᠵᠢᠭᠦᠯᠵᠦ᠂ ᠵᠡᠷᠭᠡ ᠪᠠᠷ ᠠᠬᠢᠭᠤᠯᠤᠨ᠂ ᠵᠡᠷᠭᠡ ᠪᠠᠷ ᠨᠠᠶᠢᠳᠠᠪᠤᠷᠢᠵᠢᠭᠤᠯᠵᠠᠢ᠂ ︽ᠬᠤᠶᠠᠷ ᠢ ᠨᠦᠬᠦᠪᠦᠷᠢᠯᠡᠬᠦ︾ ︽ᠬᠤᠶᠠᠷ ᠢ ᠳᠠᠶᠢᠴᠢᠯᠠᠬᠤ︾᠎ ᠪᠠᠷ ᠭᠠᠷᠳᠠᠴᠠ ᠪᠤᠯᠭᠠᠨ᠂ ᠠᠮᠢ ᠠᠬᠤᠢ ᠶᠢᠨ ᠨᠦᠬᠦᠪᠦᠷᠢ ᠪᠠᠷ ᠶᠠᠳᠠᠭᠤ ᠶᠢ ᠲᠡᠳᠭᠦᠭᠦ᠂ ᠤᠯᠤᠰ ᠤᠨ ᠭᠠᠵᠠᠷ ᠨᠤᠲᠤᠭ ᠤᠨ ᠤᠶᠢᠵᠢᠭᠤᠯᠲᠠ ᠪᠠᠷ ᠶᠠᠳᠠᠭᠤ ᠶᠢ ᠳᠡᠳᠭᠦᠭᠦ᠂ ᠤᠢ ᠰᠢᠭᠤᠢ ᠡᠪᠡᠰᠦᠨ ᠤ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠶᠡᠭᠡ ᠪᠠᠷ ᠬᠡᠷᠡᠭᠵᠢᠭᠦᠯᠵᠦ᠂ 8 ᠲᠦᠮᠡ ᠰᠢᠬᠠᠮ ᠶᠠᠳᠠᠭᠤ ᠬᠦᠴᠢᠷᠳᠡᠯᠲᠡᠢ ᠬᠦᠮᠦᠨ ᠠᠮᠠ ᠳᠤ ᠠᠰᠢᠭ ᠬᠦᠷᠲᠡᠭᠡᠪᠡ᠃      ᠮᠠᠨ ᠤ ᠤᠷᠤᠨ ᠤᠯᠤᠰ ᠪᠠ ᠦᠪᠡᠷᠲᠡᠭᠡᠨ ᠵᠠᠰᠠᠬᠤ ᠤᠷᠤᠨ ᠤ ᠭᠤᠤᠯᠲᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠭ ᠤᠨ ᠨᠠᠢᠮᠠᠨ ᠬᠤᠪᠢ ᠠᠴᠠ ᠳᠡᠭᠡᠭᠰᠢᠬᠢ ᠡᠭᠦᠷᠭᠡ ᠶᠢ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠤᠬᠢᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠢ ᠰᠢᠭᠤᠢ ᠶᠢᠨ ᠬᠠᠮᠠᠭᠠᠯᠠᠭᠴᠢ ᠶᠢᠨ ᠠᠵᠢᠯ ᠤᠨ ᠪᠠᠶᠢᠷᠢ ᠬᠠᠩᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠳᠠᠶᠢᠴᠢᠯᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤᠮᠳᠠ ᠠᠴᠠ ᠠᠰᠢᠭ ᠬᠦᠷᠲᠡᠭᠡᠪᠡ᠃ ᠡᠨᠡ ᠵᠢᠯ᠂ ᠪᠦᠬᠦ ᠤᠷᠤᠨ ᠤ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠳᠤᠲᠤᠷ᠎ᠠ ᠠᠴᠠ ᠠᠮᠢ ᠠᠬᠤᠢ ᠶᠢᠨ ᠤᠢ ᠬᠠᠮᠠᠭᠠᠯᠠᠭᠴᠢ ᠪᠤᠯᠭᠠᠬᠤ ᠭᠦᠢᠴᠡᠳᠭᠡᠯ ᠲᠤᠭ᠎ᠠ ᠶᠢ 1.67 ᠲᠦᠮᠡ ᠪᠤᠯᠲᠠᠯ᠎ᠠ ᠨᠡᠮᠡᠭᠳᠡᠭᠦᠯᠵᠦ᠂ ᠤᠯᠤᠰ ᠤᠨ ᠤᠢ ᠬᠠᠮᠠᠭᠠᠯᠠᠬᠤ ᠨᠦᠬᠦᠪᠦᠷᠢ ᠮᠦᠩᠭᠦ ᠶᠢ ᠬᠦᠮᠦᠨ ᠪᠦᠷᠢ ᠵᠢᠯ ᠳᠤ 1 ᠲᠦᠮᠡᠨ ᠲᠦᠭᠦᠷᠢᠭ ᠤᠯᠭᠤᠵᠤ᠂ 5 ᠲᠦᠮᠡ ᠰᠢᠬᠠᠮ ᠬᠦᠮᠦᠨ ᠢ ᠳᠠᠶᠢᠴᠢᠯᠠᠨ ᠵᠢᠯ ᠤᠨ ᠳᠤᠮᠳᠠᠴᠢ ᠤᠷᠤᠯᠭ᠎ᠠ ᠶᠢ ᠨᠢ ᠤᠯᠤᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠤᠷᠤᠯᠭ᠎ᠠ ᠶᠢᠨ ᠪᠠᠷᠢᠮᠵᠢᠶ᠎ᠠ ᠠᠴᠠ ᠳᠠᠪᠠᠭᠤᠯᠪᠠ︔ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠪᠡᠯᠡ ᠮᠦᠩᠭᠦ ᠶᠢ ᠠᠰᠢᠭᠯᠠᠨ᠂ ᠪᠦᠬᠦ ᠤᠷᠤᠨ ᠳᠤ 1.5 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠤᠷᠢᠨ᠂ ᠤᠢ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠳᠤ ᠤᠷᠤᠯᠴᠠᠭᠤᠯᠤᠨ᠂ ᠬᠦᠮᠦᠨ ᠪᠦᠷᠢ ᠶᠢᠨ ᠤᠷᠤᠯᠭ᠎ᠠ ᠶᠢ ᠳᠤᠮᠳᠠᠴᠢ ᠪᠠᠷ 6000 ᠲᠦᠭᠦᠷᠢᠭ ᠨᠡᠮᠡᠭᠳᠡᠭᠦᠯᠵᠡᠢ᠃      ᠮᠠᠨ ᠤ ᠤᠷᠤᠨ ᠪᠠᠰᠠ ᠤᠢ ᠰᠢᠭᠤᠢ ᠶᠢᠨ ᠠᠵᠤ ᠦᠢᠯᠡᠰᠵᠢᠯᠲᠡ ᠶᠢᠨ ᠪᠦᠬᠦ ᠪᠡᠯᠡ ᠮᠦᠩᠭᠦ ᠪᠠ ᠤᠨᠴᠠᠯᠢᠭᠲᠤ ᠠᠵᠤ ᠠᠬᠤᠢ ᠶᠢᠨ ᠤᠢ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 90%᠎ ᠶᠢᠨ ᠪᠡᠯᠡ ᠮᠦᠩᠭᠦ ᠶᠢ ᠶᠠᠳᠠᠭᠤ ᠬᠦᠴᠢᠷᠳᠡᠯᠲᠡᠢ ᠤᠷᠤᠨ ᠳᠤ ᠦᠭᠴᠦ᠂ ᠤᠢ ᠰᠢᠭᠤᠢ ᠶᠢᠨ ᠠᠵᠤ ᠦᠢᠯᠡᠰᠵᠢᠯᠲᠡ ᠶᠢᠨ 56 ᠲᠦᠷᠦᠯ ᠵᠦᠢᠯ ᠢ ᠬᠡᠷᠡᠭᠵᠢᠭᠦᠯᠪᠡ᠃ ᠤᠨᠴᠠᠯᠢᠭᠲᠤ ᠠᠵᠤ ᠠᠬᠤᠢ ᠶᠢᠨ ᠤᠢ ᠪᠠᠶᠢᠭᠤᠯᠬᠤ ᠂ ᠤᠢ ᠰᠢᠭᠤᠢ ᠶᠢᠨ ᠬᠤᠷᠮᠤᠢ ᠶᠢᠨ ᠠᠵᠤ ᠠᠬᠤᠢ ᠪᠠ ᠬᠠᠰᠢᠶ᠎ᠠ ᠬᠦᠷᠢᠶᠡᠯᠡᠩ ᠤᠨ ᠵᠢᠮᠢᠰ ᠤᠨ ᠮᠤᠳᠤᠨ ᠤ ᠠᠵᠤ ᠠᠬᠤᠢ ᠵᠡᠷᠭᠡ ᠤᠢ ᠰᠢᠭᠤᠢ ᠡᠪᠡᠰᠦᠨ ᠤ ᠠᠵᠤ ᠦᠢᠯᠡᠰ ᠢ ᠬᠦᠭᠵᠢᠭᠦᠯᠬᠦ ᠪᠠᠷ ᠳᠠᠮᠵᠢᠨ᠂ ᠨᠡᠶᠢᠲᠡ 1.5 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠵᠦ᠂ ᠬᠦᠮᠦᠨ ᠪᠦᠷᠢ ᠶᠢᠨ ᠤᠷᠤᠯᠭ᠎ᠠ ᠶᠢ ᠳᠤᠮᠳᠠᠴᠢ ᠪᠠᠷ 1900 ᠲᠦᠭᠦᠷᠢᠭ ᠨᠡᠮᠡᠭᠳᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号