2019 ᠣᠨ ᠤ 1 — 10 ᠳ᠋ᠤᠭᠠᠷ ᠰᠠᠷ᠎ᠠ ᠳᠤ ᠥᠪᠥᠷ ᠮᠣᠩᠭᠤᠯ ᠤᠨ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠣᠯᠪᠠ
ᠨᠡᠶᠢᠲᠡᠯᠡᠭᠰᠡᠨ ᠴᠠᠭ᠄
2019/11/21

     ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 — 10 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠦᠲᠦᠴᠡ ᠶᠢᠨ ᠲᠣᠬᠢᠷᠠᠭᠤᠯᠤᠯᠲᠠ ᠲᠣᠭᠲᠠᠭᠤᠨ ᠢᠶᠠᠷ ᠠᠬᠢᠪᠠ᠃
     ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠦᠢᠯᠡᠳᠬᠦ ᠦᠢᠯᠡᠰ ᠨᠡᠮᠡᠭᠳᠡᠯ ᠤᠨ ᠬᠠᠨᠳᠤᠰᠢ ᠲᠠᠢ ᠪᠣᠯᠪᠠ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.2 ᠵᠠᠭᠤᠨ ᠤ ᠴᠡᠭ ᠳᠡᠭᠡᠭᠰᠢᠯᠡᠪᠡ᠃ ᠵᠢᠷᠭᠤᠭᠠᠨ ᠶᠡᠭᠡ ᠲᠤᠯᠭᠠᠭᠤᠷᠢᠯᠠᠯ ᠠᠵᠤ ᠦᠢᠯᠡᠰ ᠲᠤ ︽ᠲᠠᠪᠤ ᠨᠡᠮᠡᠭᠳᠡᠨ ᠨᠢᠭᠡ ᠪᠠᠭᠤᠷᠠᠬᠤ︾ ᠦᠵᠡᠭᠳᠡᠯ ᠢᠯᠡᠷᠡᠪᠡ᠃ ᠡᠭᠦᠨ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠵᠦ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠢ 13.3% ᠨᠡᠮᠡᠭᠳᠡᠵᠦ᠂ ᠬᠢᠮᠢ ᠶᠢᠨ ᠠᠵᠤ ᠦᠢᠯᠡᠳᠪᠦᠷᠢ ᠶᠢᠨ ᠬᠢ 7.6% ᠨᠡᠮᠡᠭᠳᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠬᠢ 2.9% ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ ᠤᠨ ᠬᠢ 20.4% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠬᠢ ᠠᠳᠠᠯᠢ ᠬᠤᠭᠤᠴᠠᠭᠠᠨ ᠤ ᠬᠢ ᠠᠴᠠ 3.3% ᠪᠠᠭᠤᠷᠠᠪᠠ᠃
     ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠬᠥᠭᠵᠢᠵᠦ᠂ ᠬᠥᠳᠡᠭᠡ ᠲᠣᠰᠬᠤᠨ ᠤ ᠨᠡᠮᠡᠭᠳᠡᠯ ᠬᠤᠲᠠ ᠪᠠᠯᠭᠠᠰᠤ ᠠᠴᠠ ᠲᠦᠷᠭᠡᠨ ᠪᠣᠯᠪᠠ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6161.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 9 ᠳ᠋ᠦ᠋ᠭᠡᠷ ᠰᠠᠷ᠎ᠠ ᠶᠢᠨ ᠬᠢ ᠲᠠᠢ ᠲᠡᠩᠴᠡᠪᠡ᠃ ᠡᠭᠦᠨ ᠳᠤ᠂ ᠬᠤᠲᠠ ᠪᠠᠯᠭᠠᠰᠤᠨ ᠤ ᠵᠢᠵᠢᠭᠯᠡᠨ ᠬᠤᠳᠠᠯᠳᠤᠭᠰᠠᠨ ᠲᠤᠭ᠎ᠠ

3.7% ᠨᠡᠮᠡᠭᠳᠡᠵᠦ᠂ ᠬᠥᠳᠡᠭᠡ ᠲᠣᠰᠬᠤᠨ ᠤ ᠵᠢᠵᠢᠭᠯᠡᠨ ᠬᠤᠳᠠᠯᠳᠤᠭᠰᠠᠨ ᠲᠤᠭ᠎ᠠ 5.7% ᠨᠡᠮᠡᠭᠳᠡᠵᠦ᠂ ᠬᠥᠳᠡᠭᠡ ᠲᠣᠰᠬᠤᠨ ᠤ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤᠨ ᠤ ᠬᠢ ᠠᠴᠠ 2.0 ᠵᠠᠭᠤᠨ ᠤ ᠴᠡᠭ ᠲᠦᠷᠭᠡᠨ ᠪᠣᠯᠪᠠ᠃
     ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠦ᠂ 1 — 9 ᠳ᠋ᠦ᠋ᠭᠡᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 1.7 ᠵᠠᠭᠤᠨ ᠤ ᠴᠡᠭ ᠳᠡᠭᠡᠭᠰᠢᠯᠡᠪᠡ᠃ ᠬᠤᠶᠠᠳᠤᠭᠠᠷ ᠪᠣᠯᠤᠨ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.7%᠂ 7.5% ᠨᠡᠮᠡᠭᠳᠡᠪᠡ᠃ ᠭᠡᠷ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 957.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠨ᠂ 1 — 9 ᠳ᠋ᠦ᠋ᠭᠡᠷ ᠰᠠᠷ᠎ᠠ ᠶᠢᠨ ᠬᠢ ᠠᠴᠠ 1.4 ᠵᠠᠭᠤᠨ ᠤ ᠴᠡᠭ ᠲᠦᠷᠭᠡᠨ ᠪᠣᠯᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 936.1 ᠳ᠋ᠦᠩᠰᠢᠭᠤᠷ ᠲᠥᠭᠦᠷᠢᠭ ᠲᠤ ᠬᠦᠷᠴᠦ᠂ 4.8% ᠪᠠᠷ ᠨᠡᠮᠡᠭᠳᠡᠪᠡ᠃
     ᠭᠠᠳᠠᠭᠠᠳᠤ ᠣᠷᠤᠭᠤᠯᠤᠯᠲᠠ ᠭᠠᠷᠭᠠᠯᠲᠠ ᠲᠣᠭᠲᠠᠭᠤᠨ ᠢᠶᠠᠷ ᠨᠡᠮᠡᠭᠳᠡᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠷᠠᠯᠵᠢᠶ᠎ᠡ ᠦᠷᠭᠦᠯᠵᠢᠯᠡᠨ ᠳᠡᠭᠡᠭᠰᠢᠯᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 904.7 ᠳ᠋ᠦᠩᠰᠢᠭᠤᠷ ᠲᠥᠭᠦᠷᠢᠭ ︵ᠠᠷᠠᠳ ᠤᠨ ᠵᠣᠭᠤᠰ᠂ ᠳᠣᠷᠣᠭᠰᠢ ᠠᠳᠠᠯᠢ︶ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ

6.1% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ 303.5 ᠳ᠋ᠦᠩᠰᠢᠭᠤᠷ ᠲᠥᠭᠦᠷᠢᠭ ᠲᠤ ᠬᠦᠷᠴᠦ᠂ 2.0% ᠢᠶᠠᠷ ᠪᠠᠭᠤᠷᠠᠪᠠ︔ ᠭᠠᠳᠠᠭᠠᠳᠤ ᠣᠷᠣᠭᠤᠯᠤᠯᠲᠠ 601.3 ᠳ᠋ᠦᠩᠰᠢᠭᠤᠷ ᠲᠥᠭᠦᠷᠢᠭ ᠲᠤ ᠬᠦᠷᠴᠦ᠂

10.7% ᠪᠠᠷ ᠨᠡᠮᠡᠭᠳᠡᠪᠡ᠃
     ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠶᠢᠨ ᠨᠡᠮᠡᠭᠳᠡᠯ ᠤᠳᠠᠭᠠᠰᠢᠷᠠᠬᠤ ᠬᠠᠨᠳᠤᠰᠢ ᠲᠠᠢ ᠪᠣᠯᠪᠠ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1689.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 9 ᠳ᠋ᠦ᠋ᠭᠡᠷ ᠰᠠᠷ᠎ᠠ ᠶᠢᠨ ᠬᠢ ᠠᠴᠠ 0.9 ᠵᠠᠭᠤᠨ ᠤ ᠴᠡᠭ ᠳᠡᠭᠡᠭᠰᠢᠯᠡᠵᠡᠶ᠃ ᠡᠭᠦᠨ ᠳᠤ᠂ ᠭᠠᠶᠢᠯᠢ ᠶᠢᠨ ᠣᠷᠣᠯᠭ᠎ᠠ 1296.2 ᠳ᠋ᠦᠩᠰᠢᠭᠤᠷ ᠲᠥᠭᠦᠷᠢᠭ ᠲᠤ ᠬᠦᠷᠴᠦ᠂ 9.0% ᠢᠶᠠᠷ ᠨᠡᠮᠡᠭᠳᠡᠨ᠂ ᠡᠵᠡᠯᠡᠬᠦ ᠬᠠᠷᠢᠴᠠᠯ ᠨᠢ 76.7% ᠳᠤ ᠬᠦᠷᠴᠡᠶ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 3811.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ᠃
     ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠲᠣᠭᠲᠠᠭᠤᠨ ᠢᠶᠠᠷ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠦᠷᠭᠦᠯᠵᠢᠯᠡᠨ ᠥᠰᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ

2.2% ᠢᠶᠠᠷ ᠥᠰᠴᠦ᠂ ᠥᠰᠥᠯᠲᠡ ᠶᠢᠨ ᠬᠡᠮᠵᠢᠶ᠎ᠡ ᠨᠢ 1 — 9 ᠳ᠋ᠦ᠋ᠭᠡᠷ ᠰᠠᠷ᠎ᠠ ᠶᠢᠨ ᠬᠢ ᠠᠴᠠ 0.1 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠬᠤᠲᠠ ᠶᠢᠨ ᠬᠢ ᠨᠢ 2.1% ᠪᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠤ ᠬᠢ ᠨᠢ 2.5% ᠪᠠᠷ ᠥᠰᠴᠡᠶ᠃ ︽ᠨᠠᠢᠮᠠᠨ ᠶᠡᠭᠡ ᠲᠥᠷᠥᠯ︾ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠬᠠᠩᠰᠢ ᠶᠢᠨ ᠳᠣᠲᠣᠷ᠎ᠠ᠂ ᠵᠠᠮ ᠬᠠᠷᠢᠯᠴᠠᠭ᠎ᠠ ᠪᠣᠯᠤᠨ ᠮᠡᠳᠡᠭᠡ ᠬᠤᠯᠪᠣᠭ᠎ᠠ ᠶᠢᠨ ᠬᠢ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠢ ᠭᠠᠷᠭᠠᠪᠠᠯ᠂ ᠪᠤᠰᠤᠳ ᠳᠣᠯᠣᠭᠠᠨ ᠲᠥᠷᠥᠯ ᠤᠨ ᠬᠢ ᠨᠢ ᠴᠥᠮ ᠠᠳᠠᠯᠢ ᠪᠤᠰᠤ ᠬᠡᠮᠵᠢᠶ᠎ᠡ ᠪᠠᠷ ᠥᠰᠴᠦ᠂ ᠡᠭᠦᠨ ᠳᠤ ᠢᠳᠡᠭᠡᠨ ᠤ ᠲᠥᠷᠥᠯ ᠤᠨ ᠬᠢ ᠨᠢ 5.9% ᠪᠠᠷ ᠥᠰᠴᠦ᠂ ᠮᠢᠬᠠᠨ ᠤ ᠲᠥᠷᠥᠯ ᠤᠨ ᠬᠢ ᠨᠢ 17.8% ᠪᠠᠷ ᠥᠰᠴᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢ ᠳᠠᠶᠢᠴᠢᠯᠠᠬᠤ ᠭᠤᠤᠯ ᠬᠥᠳᠡᠯᠭᠡᠬᠦ ᠬᠦᠴᠦᠨ ᠪᠣᠯᠵᠠᠶ᠃
     ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠰᠠᠶᠢᠨ ᠪᠠᠶᠢᠵᠤ᠂ ᠣᠷᠣᠨ ᠪᠦᠰᠡ ᠶᠢᠨ ᠠᠵᠤ ᠠᠬᠤᠶ ᠤᠶᠠᠯᠳᠤᠨ ᠬᠥᠭᠵᠢᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠤᠨ ᠬᠢ ᠠᠴᠠ 2.8 ᠵᠠᠭᠤᠨ ᠤ ᠴᠡᠭ ᠲᠥᠷᠭᠡᠳᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 49.0% ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 65.2% ᠪᠣᠯᠪᠠ︔ ᠬᠡᠷᠡᠭᠯᠡᠭᠡᠨ ᠤ ᠵᠠᠬ᠎ᠠ ᠳᠡᠯᠭᠡᠭᠦᠷ ᠠᠴᠠ ᠦᠵᠡᠪᠡᠯ᠂ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 94.2% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ︔ ᠪᠦᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠵᠦ᠂ 1 — 9 ᠳ᠋ᠦ᠋ᠭᠡᠷ ᠰᠠᠷ᠎ᠠ ᠶᠢᠨ ᠬᠢ ᠠᠴᠠ 2.2 ᠵᠠᠭᠤᠨ ᠤ ᠴᠡᠭ ᠲᠥᠷᠭᠡᠨ ᠪᠣᠯᠪᠠ᠃
     ᠠᠵᠤ ᠠᠬᠤᠢ ᠶᠢᠨ ᠢᠳᠡᠪᠬᠢᠴᠡ ᠶᠢᠨ ᠨᠡᠮᠡᠭᠳᠡᠯ ᠨᠡᠯᠢᠶᠡᠳ ᠰᠠᠶᠢᠨ ᠪᠠᠶᠢᠵᠤ᠂ ᠬᠤᠯᠪᠣᠭᠳᠠᠯ ᠪᠦᠬᠦᠢ ᠭᠦᠢᠴᠡᠳᠬᠡᠯ ᠲᠤᠭ᠎ᠠ ᠶᠢᠨ ᠨᠡᠮᠡᠭᠳᠡᠯ ᠢ ᠪᠠᠲᠤᠯᠠᠪᠠ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 3006.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃ ᠡᠭᠦᠨ ᠳᠤ᠂ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 2622.8 ᠳ᠋ᠦᠩᠰᠢᠭᠤᠷ ᠺᠢᠯᠣᠸᠠᠲ ᠴᠠᠭ ᠪᠣᠯᠵᠤ᠂ 10.3% ᠪᠠᠷ ᠨᠡᠮᠡᠭᠳᠡᠨ᠂ ᠠᠵᠤ ᠦᠢᠯᠡᠳᠪᠦᠷᠢ ᠶᠢᠨ ᠳᠣᠲᠣᠷ᠎ᠠ ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1986.4 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃
     ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠦᠷ᠎ᠡ ᠠᠰᠢᠭ ᠲᠠᠰᠤᠷᠠᠯᠲᠠ ᠦᠭᠡᠢ ᠰᠠᠶᠢᠵᠢᠷᠠᠪᠠ᠃ ᠪᠢᠴᠢᠯ ᠬᠥᠰᠢᠭᠦᠷᠭᠡ ᠶᠢᠨ ᠨᠣᠷᠮ᠎ᠠ ᠪᠠᠭᠤᠷᠠᠪᠠ᠃ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 61.4% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠴᠡᠭ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠬᠠᠳᠠᠭᠠᠯᠠᠯᠲᠠ ᠪᠠᠭᠠᠰᠪᠠ᠃ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠪᠥᠬᠦ ᠣᠷᠣᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ 1094.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.4% ᠪᠠᠷ ᠪᠠᠭᠤᠷᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ