2019 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠰᠢᠪᠲᠤᠯᠤᠯᠲᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2019/11/22
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠪᠠᠶᠢᠬᠤ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯ ᠤᠨ ᠳᠣᠭᠤᠶᠢᠯᠠᠩ ᠠᠴᠠ 2019 ᠣᠨ ᠤ 11 ᠳ᠋ᠦ᠋ᠭᠡᠷ ᠰᠠᠷ᠎ᠠ ᠶᠢᠨ 15᠎ ᠤ ᠡᠳᠦᠷ ᠠᠴᠠ 2020 ᠣᠨ ᠤ ᠴᠠᠭᠠᠨ ᠰᠠᠷ᠎ᠠ ᠪᠣᠯᠲᠠᠯ᠎ᠠ᠂ ᠪᠥᠬᠦ ᠣᠷᠣᠨ ᠳᠤ 2019 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠲᠣᠭᠲᠠᠪᠠ᠃     ᠲᠣᠰ ᠤᠳᠠᠭᠠᠨ ᠤ ᠰᠢᠪᠲᠤᠯᠤᠯᠲᠠ ᠶᠢᠨ ᠠᠭᠤᠯᠭ᠎ᠠ ᠳᠤ ᠬᠥᠮᠦᠨ ᠬᠡᠷᠡᠭᠯᠡᠬᠦ ᠨᠢᠭᠡᠴᠢ ᠠᠴᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠬᠤ︔ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠪᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠢ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠪᠦᠲᠦᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠪᠠᠷᠢᠯᠭ᠎ᠠ ᠶᠢᠨ ᠵᠣᠭᠤᠰ ᠢ ᠬᠤᠭᠤᠴᠠᠭ᠎ᠠ ᠶᠣᠰᠣᠭᠠᠷ ᠳ᠋ᠦᠩᠨᠡᠨ ᠪᠤᠳᠤᠬᠤ ᠳᠦᠷᠢᠮ ᠢ ᠨᠠᠶᠢᠳᠠᠪᠤᠷᠢᠵᠢᠭᠤᠯᠬᠤ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠠᠵᠢᠯᠴᠢᠨ ᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠳᠦᠷᠢᠮ ᠤᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠬᠦ ᠶᠢ ᠪᠠᠲᠤᠯᠠᠬᠤ︔ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠷᠢᠲᠦᠵᠦ ᠪᠠᠶᠢᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ︔ ᠴᠠᠯᠢᠩ ᠢ ᠦᠷᠢᠲᠦᠵᠦ ᠪᠠᠶᠢᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠵᠠᠯᠬᠠᠭᠠᠯ ᠦᠵᠡᠭᠦᠯᠬᠦ ᠶᠢ ᠬᠡᠷᠡᠭᠵᠢᠭᠦᠯᠬᠦ︔ ᠴᠠᠯᠢᠩ ᠢ ᠦᠷᠢᠲᠦᠵᠦ ᠪᠠᠶᠢᠬᠤ ᠳᠠᠷᠤᠭᠳᠠᠮᠠᠯ ᠬᠡᠷᠡᠭ ᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ︽ᠬᠡᠷᠡᠭ ᠢ ᠳᠠᠭᠤᠰᠬᠠᠬᠤ︾᠎ ᠶᠢ ᠦᠨᠡᠨ ᠬᠦ ᠪᠠᠲᠤᠯᠠᠬᠤ ᠵᠡᠷᠭᠡ ᠪᠠᠭᠲᠠᠨ᠎ᠠ᠃      ᠰᠢᠪᠲᠤᠯᠤᠯᠲᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ᠴᠠᠯᠢᠩ ᠤᠨ ᠦᠷᠢᠲᠦᠯ ᠳᠤ ᠡᠷᠬᠡ ᠪᠠᠨ ᠬᠠᠮᠠᠭᠠᠯᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠶᠡᠲᠡᠭᠦᠯᠬᠦ ᠬᠥᠨᠳᠡᠯᠡᠨ ᠠᠴᠠ ᠲᠠᠰᠤᠯᠬᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠬᠦᠷᠭᠡᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠰᠢᠭᠦᠬᠦ ᠬᠤᠷᠢᠶ᠎ᠠ ᠳᠤ ᠭᠤᠮᠣᠳᠠᠯ ᠲᠣᠭᠠᠴᠢᠬᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠵᠡᠷᠭᠡ ᠠᠷᠭ᠎ᠠ ᠵᠠᠮ ᠢ ᠰᠢᠯᠤᠭᠤᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠡᠭᠦᠨ ᠤ ᠬᠠᠮᠲᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ︽ᠰᠢᠯᠤᠭᠤᠨ ᠵᠠᠮ︾᠎ ᠢ ᠨᠡᠭᠡᠭᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠤᠨ ᠦᠷᠢᠲᠦᠯ ᠳᠤ ᠬᠤᠯᠪᠣᠭᠳᠠᠬᠤ ᠮᠠᠷᠭᠤᠯᠳᠤᠭᠠᠨ ᠤ ᠬᠡᠷᠡᠭ ᠢ ᠲᠦᠷᠭᠡᠨ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号