ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠬᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ
ᠨᠡᠶᠢᠲᠡᠯᠡᠭᠰᠡᠨ ᠴᠠᠭ᠄
2019/11/25
      11 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠬᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠸᠠᠩ ᠰᠢᠶᠣᠤ ᠳ᠋ᠦᠩ ᠨᠥᠬᠦᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ︾᠎ ᠤ ᠴᠣᠯᠠ ᠨᠡᠬᠡᠮᠵᠢᠯᠡᠨ ᠣᠯᠭᠤᠬᠤ ᠪᠠᠷ ᠰᠤᠳᠤᠯᠤᠨ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠬᠤᠷᠠᠯ ᠢ ᠡᠷᠬᠢᠯᠡᠪᠡ᠃       ᠬᠤᠷᠠᠯ ᠠᠴᠠ᠂ ᠲᠥᠪ ᠤᠨ ᠤᠯᠤᠰ ᠲᠥᠷᠦ ᠶᠢᠨ ᠲᠣᠪᠴᠢᠶ᠎ᠠ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠬᠠᠨᠳᠤᠰᠢ ᠪᠠᠷ ᠭᠤᠤᠯ ᠰᠡᠳᠦᠪ ᠪᠣᠯᠭᠠᠨ ᠬᠠᠮᠲᠤ ᠶᠢᠨ ᠰᠤᠷᠤᠯᠴᠠᠯᠭ᠎ᠠ ᠬᠢᠭᠰᠡᠨ ᠨᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠬᠠᠨᠳᠤᠰᠢ ᠶᠢ ᠬᠤᠷᠴᠠ ᠰᠡᠷᠭᠡᠭ ᠢᠶᠠᠷ ᠡᠵᠡᠮᠳᠡᠵᠦ᠂ ᠬᠤᠰᠢᠭᠤᠷᠠᠯ ᠮᠡᠷᠭᠡᠵᠢᠯ ᠤᠨ ᠬᠥᠭᠵᠢᠯᠲᠡ ᠶᠢᠨ ᠠᠰᠢᠬᠳᠠᠢ ᠪᠠᠶᠢᠷᠢ ᠶᠢ ᠵᠠᠪᠳᠤᠨ ᠡᠵᠡᠯᠡᠬᠦ ᠠᠯᠤᠰ ᠤᠨ ᠬᠠᠷᠠᠴᠠ ᠮᠡᠷᠭᠡᠨ ᠪᠣᠳᠣᠯᠭ᠎ᠠ᠂ ᠪᠠᠶᠢᠯᠳᠤᠬᠤ ᠪᠣᠳᠣᠯᠭ᠎ᠠ ᠶᠢᠨ ᠲᠦᠰᠦᠪᠯᠡᠯ ᠪᠠ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠴᠦᠷᠬᠡᠯᠡᠭᠡ ᠳ᠋ᠠᠶᠢᠲ᠋ᠠ ᠶᠢ ᠵᠥᠪ ᠲᠠᠨᠢᠵᠤ ᠣᠶᠢᠯᠠᠭᠠᠬᠤ ᠪᠠ ᠴᠦᠷᠬᠡᠯᠡᠭᠡ ᠳ᠋ᠠᠶᠢᠲ᠋ᠠ ᠶᠢ ᠰᠢᠨᠵᠢᠯᠡᠬᠦ ᠤᠬᠠᠭᠠᠨᠴᠢ ᠪᠠᠷ ᠬᠥᠭᠵᠢᠬᠦᠯᠵᠥ ᠬᠡᠷᠡᠭᠵᠢᠬᠦᠯᠬᠦ ᠳᠤ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠴᠦᠷᠬᠡᠯᠡᠭᠡ ᠳ᠋ᠠᠶᠢᠲ᠋ᠠ ᠶᠢᠨ ᠮᠡᠳᠡᠯᠭᠡ ᠶᠢ ᠰᠤᠷᠤᠯᠴᠠᠬᠤ ᠪᠠᠨ ᠴᠢᠩᠭᠠᠳᠬᠠᠵᠤ᠂ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠤᠨ ᠬᠠᠨᠳᠤᠰᠢ ᠶᠢ ᠭᠦᠨᠵᠡᠭᠡᠶ ᠣᠶᠢᠯᠠᠭᠠᠵᠤ᠂ ᠳᠡᠬᠦᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠨᠢ ᠭᠦᠨᠵᠡᠭᠡᠶ ᠣᠶᠢᠯᠠᠭᠠᠵᠤ᠂ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠬᠦ ᠪᠠ ᠬᠠᠮᠢᠶᠠᠷᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠮᠠᠨ ᠤ ᠣᠷᠣᠨ ᠤ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠪᠣᠯᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠶᠠᠭᠤ ᠶᠢ ᠭᠤᠣᠯᠳᠠᠯᠭ᠎ᠠ ᠲᠠᠢ ᠬᠢᠬᠦ᠂ ᠬᠡᠷᠬᠢᠨ ᠬᠢᠬᠦ ᠶᠢ ᠬᠦᠨᠵᠡᠬᠡᠢ ᠰᠤᠳᠤᠯᠵᠥ᠂ ᠨᠥᠬᠦᠴᠡᠯ ᠲᠠᠢ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠬᠢᠨ ᠤ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠴᠢᠳᠠᠪᠤᠷᠢᠲᠠᠨ ᠬᠥᠮᠦᠵᠢᠭᠦᠯᠦᠨ ᠣᠷᠣᠭᠤᠯᠵᠤ ᠠᠪᠴᠢᠷᠠᠬᠤ ᠶᠢ ᠳᠡᠮᠵᠢᠬᠦ ᠬᠡᠷᠡᠭᠲᠡᠢ᠃ ᠴᠦᠷᠬᠡᠯᠡᠭᠡ ᠳ᠋ᠠᠶᠢᠲ᠋ᠠ ᠪᠤᠯᠤᠨ ᠠᠵᠤ ᠠᠬᠤᠶ ᠨᠡᠶᠢᠭᠡᠮ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠬᠠᠮᠤᠭ ᠤᠨ ᠪᠣᠯᠤᠮᠵᠢᠲᠠᠶ᠂ ᠬᠠᠮᠤᠭ ᠤᠨ ᠪᠠᠴᠢᠮ ᠬᠡᠷᠡᠭᠴᠡᠭᠡ ᠲᠠᠢ ᠬᠦᠷᠢᠶ᠎ᠡ ᠠᠴᠠ ᠭᠠᠷᠳᠠᠨ ᠬᠢᠵᠦ᠂ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ᠂ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠨᠠᠩ ᠰᠠᠶᠢᠳᠤᠷ ᠦᠢᠯᠡᠴᠢᠯᠡᠭᠦᠯᠬᠦ ᠬᠡᠷᠡᠭᠲᠡᠶ᠃ ᠴᠦᠷᠬᠡᠯᠡᠭᠡ ᠳ᠋ᠠᠶᠢᠲ᠋ᠠ ᠶᠢᠨ ᠮᠡᠷᠭᠡᠵᠢᠯ ᠢ ᠬᠥᠲᠥᠯᠥᠨ ᠵᠢᠯᠣᠭᠤᠳᠬᠤ ᠪᠠ ᠵᠢᠷᠤᠮᠵᠢᠭᠤᠯᠬᠤ ᠶᠢ ᠴᠢᠩᠭᠠᠳᠬᠠᠵᠤ᠂ ᠴᠦᠷᠬᠡᠯᠡᠭᠡ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃       ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠪᠣᠯ ᠨᠠᠮ ᠪᠠ ᠤᠯᠤᠰ ᠠᠴᠠ ᠥᠪᠥᠷ ᠮᠣᠩᠭᠤᠯ ᠳᠤ ᠲᠤᠰᠢᠶᠠᠭᠰᠠᠨ ᠨᠢᠭᠡ ᠴᠢᠬᠤᠯᠠ ᠶᠡᠭᠡ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠲᠠᠯ᠎ᠠ ᠪᠣᠯᠤᠨ ᠬᠥᠯᠥᠨ ᠪᠦᠢᠷ ᠬᠤᠲᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠬᠦᠷᠬᠡᠳᠤ ᠪᠤᠳᠤᠯ ᠢᠶᠠᠷ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠷᠤᠭᠰᠢᠲᠠᠶ ᠡᠷᠬᠢᠯᠡᠵᠥ᠂ ᠳᠡᠬᠦᠰ ᠠᠮᠵᠢᠯᠳᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠥᠪᠥᠷ ᠮᠣᠩᠭᠤᠯ ᠤᠨ ᠭᠦᠨ ᠵᠤᠵᠠᠭᠠᠨ ᠲᠡᠤᠬᠡ ᠰᠣᠶᠣᠯ᠂ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠢ ᠶᠡᠬᠡᠪᠡᠷ ᠤᠬᠠᠭᠤᠯᠤᠨ ᠰᠤᠷᠳᠠᠯᠴᠢᠯᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠂ ᠮᠥᠰᠥ ᠴᠠᠰᠤᠨ ᠤ ᠬᠡᠷᠡᠭᠯᠡᠭᠡ ᠶᠢ ᠢᠳᠡᠪᠬᠢᠲᠡᠶ ᠪᠤᠶᠢᠵᠢᠭᠤᠯᠵᠤ᠂ ᠭᠠᠵᠠᠷ ᠣᠷᠣᠨ ᠤ ᠲᠠᠲᠠᠬᠤ ᠬᠦᠴᠦᠨ ᠢ ᠳᠡᠭᠡᠭᠰᠢᠯᠡᠭᠦᠯᠦᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠸᠠᠩ ᠰᠢᠶᠣᠤ ᠳ᠋ᠦᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠬᠤ ᠶᠢ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ ᠠᠭᠤᠯᠭ᠎ᠠ ᠪᠠᠨ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠸᠠᠩ ᠰᠢᠶᠣᠤ ᠳ᠋ᠦᠩ ᠨᠥᠬᠦᠷ ᠤᠨ ᠰᠢᠯᠢᠳᠡᠭ ᠵᠠᠩ ᠴᠢᠨᠠᠷ ᠪᠣᠯᠤᠨ ᠲᠡᠷᠢᠭᠦᠨ ᠤ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠷᠭᠠᠭᠤ ᠠᠵᠢᠯᠯᠠᠵᠤ᠂ ᠬᠠᠷᠠᠮ ᠦᠬᠡᠢ ᠪᠠᠷ ᠬᠤᠪᠢ ᠨᠡᠮᠡᠷᠢ ᠦᠵᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ ᠬᠡᠵᠥ ᠱᠠᠭᠠᠷᠳᠠᠵᠠᠢ᠃       ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2019 — 2035 ᠣᠨ︶︾᠎ ᠶᠢ ᠰᠤᠳᠤᠯᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号