ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠭᠠᠨᠰᠤ ᠮᠤᠵᠢ ᠶᠢᠨ ᠵᠠᠰᠠᠭ ᠤᠨ ᠣᠷᠳᠣᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ ᠪᠦ᠋ ᠰᠢᠶᠣᠤ ᠯᠢᠨ ᠭᠠᠷ ᠤᠨ ᠦᠰᠦᠭ ᠵᠢᠷᠤᠬᠤ ᠶᠢ ᠭᠡᠷᠡᠴᠢᠯᠡᠵᠡᠶ
ᠨᠡᠶᠢᠲᠡᠯᠡᠭᠰᠡᠨ ᠴᠠᠭ᠄
2019/11/25
     11 ᠰᠠᠷ᠎ᠠ ᠶᠢᠨ 21᠎ ᠠᠴᠠ 22᠎ ᠤᠨ ᠡᠳᠦᠷ ᠪᠣᠯᠲᠠᠯ᠎ᠠ᠂ ᠭᠠᠨᠰᠤ ᠮᠤᠵᠢ ᠶᠢᠨ ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠪᠠ᠃ 22᠎ ᠤᠨ ᠦᠳᠡ ᠶᠢᠨ ᠬᠤᠶᠢᠨ᠎ᠠ᠂ ᠬᠤᠶᠠᠷ ᠮᠣᠵᠢ ᠣᠷᠣᠨ ᠤ ᠬᠢᠨ ᠬᠥᠬᠡᠬᠤᠲᠠ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠎ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠭᠠᠨᠰᠦ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠳᠡᠳ᠋ ᠮᠤᠵᠢ ᠶᠢᠨ ᠳᠠᠷᠤᠭ᠎ᠠ ᠰᠦᠩ ᠯᠢᠶᠠᠩ ᠬᠤᠶᠠᠷ ᠲᠠᠯ᠎ᠠ ᠶᠢ ᠲᠥᠯᠥᠭᠡᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠭᠠᠨᠰᠤ ᠮᠤᠵᠢ ᠶᠢᠨ ᠠᠷᠠᠳ ᠤᠨ ᠵᠠᠰᠠᠬ ᠤᠨ ᠤᠷᠳᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠪᠠ᠃ ᠬᠤᠶᠠᠷ ᠮᠣᠵᠢ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ ᠲᠣᠰ ᠲᠣᠰ ᠲᠤᠰᠬᠠᠶ ᠠᠵᠢᠯᠯᠠᠭᠠᠨ ᠤ ᠲᠥᠯᠥᠪᠯᠡᠭᠡ ᠳᠤ ᠭᠠᠷ ᠤᠨ ᠦᠰᠦᠭ ᠵᠢᠷᠤᠪᠠ᠃      ᠪᠦᠳᠦᠭᠦᠪᠴᠢ ᠵᠥᠪᠯᠡᠯᠴᠡᠭᠡᠷ ᠪᠣᠯᠤᠨ ᠲᠤᠰᠬᠠᠶ ᠠᠵᠢᠯᠯᠠᠭᠠᠨ ᠤ ᠲᠥᠯᠥᠪᠯᠡᠭᠡ ᠶᠢ ᠦᠨᠳᠦᠰᠦᠯᠡᠪᠡᠯ᠂ ᠬᠤᠶᠠᠷ ᠮᠣᠵᠢ ᠣᠷᠣᠨ ᠤ ᠬᠢᠨ ᠤᠷᠲᠤ ᠬᠤᠭᠤᠴᠠᠭ᠎ᠠ ᠪᠠᠷ ᠲᠣᠭᠲᠠᠪᠤᠷᠢᠳᠠᠢ ᠪᠠᠶᠢᠬᠤ᠂ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠬᠢᠬᠦ᠂ ᠬᠠᠮᠲᠤ ᠪᠠᠷ ᠬᠥᠭᠵᠢᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠠᠭᠤᠯᠭ᠎ᠠ ᠪᠠᠨ ᠭᠦᠨᠵᠡᠭᠡᠶᠢᠷᠡᠭᠦᠯᠵᠦ᠂ ᠰᠠᠭᠤᠷᠢ ᠲᠥᠬᠦᠭᠡᠷᠦᠮᠵᠢ᠂ ᠠᠵᠤ ᠠᠬᠤᠶ ᠠᠷᠠᠯᠵᠢᠶᠠᠨ ᠤ ᠰᠣᠯᠢᠯᠴᠠᠭ᠎ᠠ᠂ ᠤᠨᠴᠠᠯᠢᠬᠳᠤ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠶ ᠣᠢ ᠰᠢᠭᠤᠶ ᠶᠢᠨ ᠦᠢᠯᠡᠰ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠤᠨ ᠰᠣᠯᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠣᠯᠠᠨ ᠬᠦᠷᠢᠶᠡᠨ ᠳᠤ ᠪᠦᠬᠦ ᠲᠠᠯ᠎ᠠ ᠶᠢᠨ ᠬᠠᠮᠲᠤᠷᠠᠯᠴᠠᠭ᠎ᠠ ᠦᠷᠨᠢᠭᠦᠯᠬᠦ ᠪᠤᠯᠤᠨ᠎ᠠ᠃      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠭᠠᠨᠰᠤ ᠮᠤᠵᠢ ᠶᠢᠨ ᠬᠠᠮᠲᠤᠷᠠᠯᠴᠠᠭ᠎ᠠ ᠰᠣᠯᠢᠯᠴᠠᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠮᠠ ᠰᠢᠤᠸᠠᠢ ᠵᠢᠶᠦ᠋ᠨ᠂ ᠰᠦᠩ ᠯᠢᠶᠠᠩ ᠲᠣᠰ ᠲᠣᠰ ᠮᠠᠨ ᠤ ᠣᠷᠣᠨ ᠪᠣᠯᠤᠨ ᠭᠠᠨᠰᠤ ᠮᠤᠵᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃      ᠮᠠᠨ ᠤ ᠣᠷᠣᠨ ᠳᠤ ᠪᠠᠶᠢᠬᠤ ᠬᠤᠭᠤᠴᠠᠭᠠᠨ ᠳᠠᠭᠠᠨ᠂ ᠭᠠᠨᠰᠤ ᠮᠤᠵᠢ ᠶᠢᠨ ᠵᠠᠰᠠᠭ ᠤᠨ ᠣᠷᠳᠣᠨ ᠤ ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ᠂ ᠥᠪᠥᠷ ᠮᠣᠩᠭᠤᠯ ᠤᠨ ᠮᠧᠩ ᠨᠢᠤ ᠰᠦ ᠶᠢᠨ ᠦᠢᠯᠡᠰ ︵ᠪᠦᠯᠦᠭᠯᠡᠯ︶᠎ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠎ ᠤᠨ ᠮᠧᠩ ᠼᠤᠤ ᠠᠮᠢ ᠠᠬᠤᠶ ᠣᠷᠴᠢᠨ ᠲᠣᠭᠤᠷᠢᠨ ︵ᠪᠦᠯᠦᠭᠯᠡᠯ︶᠎ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠬᠤᠸᠠᠨ ᠳᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠢᠴᠢ ᠲᠡᠳᠡᠨ ᠤ ᠪᠢᠳᠤᠷᠶ᠎ᠠ ᠶᠢᠨ ᠢᠵᠢ ᠪᠦᠷᠢᠳᠦᠭᠦᠯᠦᠭᠰᠡᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠣᠤ ᠬᠤᠢ᠂ ᠪᠤᠤ ᠭᠠᠩ ᠲᠣᠰ ᠲᠣᠰ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号