ᠯᠢ ᠪᠢᠩ ᠷᠦᠩ ᠰᠢᠯᠢ ᠶᠢᠨ ᠭᠤᠤᠯ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠡᠨ ᠨᠢ ᠪᠠᠶᠢᠭᠠᠯᠢ ᠶᠢᠨ ᠵᠢᠮ᠎ᠡ ᠶᠤᠰᠤ ᠶᠢ ᠵᠢᠷᠤᠮᠯᠠᠵᠤ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠠᠮᠢ ᠠᠬᠤᠢ ᠶᠢ ᠰᠡᠷᠬᠦᠭᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠰᠢᠰᠲ᠋ᠧᠮᠵᠢᠬᠦᠯᠦᠨ ᠠᠬᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2019/11/25
     11 ᠰᠠᠷ᠎ᠡ ᠶᠢᠨ 21᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠭᠡ ᠬᠤᠰᠢᠭᠤᠨ ᠳᠤ ᠬᠦᠨᠵᠡᠭᠡᠶᠢᠷᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠠᠮᠢ ᠠᠬᠤᠢ ᠶᠢ ᠶᠡᠷᠤᠩᠭᠡᠶᠢᠯᠡᠭᠰᠡᠨ ᠵᠠᠰᠠᠬᠤ ᠠᠵᠢᠯ ᠢ ᠪᠠᠶᠢᠴᠠᠭᠠᠨᠰᠤᠳᠤᠯᠪᠠ᠃      ᠯᠢ ᠪᠢᠩ ᠷᠦᠩ ᠦᠪᠤᠷ ᠮᠤᠩᠭᠤᠯ ᠤᠨ ᠱᠦᠨ ᠰᠢᠨ ᠰᠢᠨ ᠶᠤᠸᠠᠨ ᠮᠠᠯ ᠠᠵᠤ ᠠᠬᠤᠢ ᠶᠢᠨ ᠺᠤᠮᠫᠠᠨᠢ᠂ ᠶᠢᠨ ᠱᠠ ᠸᠠᠨ ᠡᠪᠡᠰᠤ ᠪᠤᠷᠳᠤᠭᠠᠨ ᠤ ᠺᠤᠮᠫᠠᠨᠢ ᠳᠤ ᠬᠦᠷᠴᠤ᠂ ᠮᠠᠯ ᠠᠵᠤ ᠠᠬᠤᠢ ᠶᠢᠨ ᠳᠦᠪᠯᠡᠷᠡᠭᠰᠡᠨ ᠡᠷᠴᠢᠮᠵᠢᠭᠰᠡᠨ ᠬᠦᠭᠵᠢᠯᠳᠠ ᠪᠠ ᠲᠠᠷᠢᠵᠤ ᠲᠠᠵᠢᠭᠡᠬᠦ ᠪᠤᠯᠪᠠᠰᠤᠷᠠᠭᠤᠯᠬᠤ ᠶᠢ ᠨᠢᠭᠡ ᠴᠤᠬᠴᠠᠵᠢᠭᠤᠯᠤᠬᠰᠡᠨ ᠬᠦᠭᠵᠢᠯᠳᠠ ᠶᠢᠨ ᠪᠠᠶᠢᠳᠠᠯ ᠎ ᠢ ᠤᠢᠢᠯᠠᠭᠠᠵᠤ᠂ ᠠᠵᠤ ᠠᠬᠤᠢᠢᠯᠠᠯ ᠢ ᠦᠢᠯᠡᠳᠪᠤᠷᠢᠯᠡᠯ ᠢᠶᠠᠨ ᠬᠦᠭᠵᠢᠬᠦᠯᠵᠤ᠂ ᠠᠮᠢ ᠠᠬᠤᠢ ᠶᠢ ᠬᠠᠮᠠᠭᠠᠯᠠᠬᠤ ᠪᠠ ᠮᠠᠯᠴᠢᠨ ᠲᠠᠷᠢᠶᠠᠴᠢᠳ ᠢ ᠲᠠᠶᠢᠴᠢᠯᠡᠨ ᠤᠷᠤᠯᠭ᠎ᠠ ᠶᠢ ᠨᠢ ᠨᠡᠮᠡᠭᠳᠡᠬᠦᠯᠬᠦ ᠲᠡᠭᠡᠷ᠎ᠡ ᠠᠮᠵᠢᠯᠳᠠ ᠲᠠᠢ ᠵᠠᠮ ᠢ ᠢᠳᠡᠪᠬᠢᠳᠠᠢ ᠬᠠᠶᠢᠨ ᠰᠦᠪᠡᠭᠴᠢᠯᠡᠭᠰᠡᠨ ᠢ ᠨᠢ ᠵᠤᠷᠢᠬᠵᠢᠭᠤᠯᠪᠠ᠃ ᠶᠠᠷᠢᠯᠴᠠᠬᠤ ᠬᠤᠷᠠᠯ ᠲᠡᠭᠡᠷ᠎ᠡ᠂ ᠰᠢᠯᠤᠭᠤᠨ ᠬᠦᠭᠡ ᠬᠤᠰᠢᠭᠤᠨ ᠎ ᠤ ᠬᠤᠯᠪᠤᠬᠳᠠᠯ ᠪᠦᠬᠦᠢ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠢ ᠶᠡᠷᠤᠩᠭᠡᠶᠢᠯᠡᠭᠰᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠰᠢᠰᠲ᠋ᠧᠮᠵᠢᠬᠦᠯᠤᠨ ᠠᠬᠢᠭᠤᠯᠬᠤ ᠠᠵᠢᠯ ᠢ ᠰᠤᠳᠤᠯᠪᠠ᠃      ᠯᠢ ᠪᠢᠩ ᠷᠦᠩ᠂ ᠡᠷᠬᠡᠪᠰᠢ ᠪᠠᠶᠢᠭᠠᠯᠢ ᠶᠢᠨ ᠵᠢᠮ᠎ᠡ ᠶᠤᠰᠤ ᠶᠢ ᠵᠢᠷᠤᠮᠯᠠᠵᠤ᠂ ᠠᠮᠢ ᠠᠬᠤᠢ ᠶᠢᠨ ᠰᠢᠰᠲ᠋ᠧᠮ ᠎ ᠤᠨ ᠠᠮᠤᠷ ᠲᠦᠪᠰᠢᠨ ᠢ ᠬᠠᠮᠠᠭᠠᠯᠠᠬᠤ ᠠᠴᠠ ᠡᠬᠦᠰᠴᠤ᠂ ᠠᠮᠢ ᠠᠬᠤᠢ ᠶᠢᠨ ᠲᠠᠭᠠᠭᠠᠴᠠ ᠶᠢ ᠬᠦᠢᠴᠡᠳ ᠪᠤᠳᠤᠯᠬᠢᠯᠠᠵᠤ᠂ ᠤᠢ ᠰᠢᠭᠤᠢ᠂ ᠡᠯᠡᠰᠤ ᠮᠠᠩᠬ᠎ᠠ᠂ ᠨᠠᠭᠤᠷ ᠪᠦᠷᠢᠳᠤ᠂ ᠨᠤᠳᠤᠭ ᠪᠡᠯᠴᠢᠭᠡᠷ᠂ ᠮᠠᠯ ᠲᠠᠵᠢᠭᠡᠪᠤᠷᠢ ᠳᠤ ᠰᠢᠰᠲ᠋ᠧᠮ ᠲᠠᠢ ᠲᠦᠯᠦᠪᠵᠢᠬᠦᠯᠭᠡ ᠬᠢᠵᠤ᠂ ᠶᠡᠷᠤᠩᠭᠡᠶᠢᠯᠡᠭᠰᠡᠨ ᠵᠠᠰᠠᠬᠤ ᠭᠡᠷᠡᠭᠳᠠᠢ᠃ ᠢᠯᠠᠩᠭᠤᠶ᠎ᠡ ᠮᠠᠯ ᠠᠵᠤ ᠠᠬᠤᠢ ᠶᠢᠨ ᠬᠦᠭᠵᠢᠯᠳᠠ᠂ ᠪᠡᠯᠴᠢᠭᠡᠷᠯᠡᠬᠦᠯᠬᠦ ᠶᠢ ᠵᠤᠬᠰᠤᠭᠠᠬᠤ ᠪᠠ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠦᠷᠢᠮ ᠎ ᠢ ᠴᠢᠩᠭ᠎ᠠ ᠭᠡᠷᠡᠭᠵᠢᠬᠦᠯᠵᠤ᠂ ᠮᠠᠯᠴᠢᠨ ᠲᠠᠷᠢᠶᠠᠴᠢᠳ ᠤᠨ ᠦᠵᠡᠯ ᠰᠠᠨᠠᠭ᠎ᠠ ᠤᠢᠢᠯᠠᠭᠠᠬᠳᠠᠬᠤᠨ ᠪᠤᠯᠤᠨ ᠡᠵᠡᠩᠨᠡᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠨᠢ ᠬᠦᠳᠦᠯᠤᠨ ᠲᠠᠭᠠᠭᠤᠯᠵᠤ᠂ ᠴᠦᠭᠡᠨ ᠮᠠᠯᠵᠢᠵᠤ ᠨᠠᠷᠢᠯᠢᠭ ᠮᠠᠯᠵᠢᠵᠤ ᠰᠢᠯᠢᠳᠡᠭᠵᠢᠬᠦᠯᠤᠨ ᠮᠠᠯᠵᠢᠵᠤ᠂ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠬᠦ ᠪᠦᠭᠡᠳ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠭᠡᠷᠡᠭᠳᠠᠢ᠃ ᠪᠤᠰᠤᠳ ᠠᠵᠤ ᠦᠢᠯᠡᠰ ᠪᠠᠰᠠ ᠠᠮᠢ ᠠᠬᠤᠢ ᠶᠢᠨ ᠦᠢᠯᠡᠭᠠᠬᠳᠠᠬᠤᠨ ᠲᠠᠢ ᠠᠭᠤᠰᠤᠯᠴᠠᠵᠤ᠂ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠵᠤ᠂ ᠦᠢᠯᠡᠳᠪᠤᠷᠢᠯᠡᠯ ᠬᠦᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠤᠷᠭᠠᠨᠢᠭ ᠨᠢᠭᠡᠳᠦᠯ ᠢ ᠪᠠᠶᠡᠯᠡᠬᠦᠯᠵᠤ᠂ ᠨᠢᠭᠡ ᠵᠤᠷᠪᠤᠰ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠦᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠵᠠᠮᠨᠠᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号