ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠲᠠᠪᠤ︶
ᠨᠡᠶᠢᠲᠡᠯᠡᠭᠰᠡᠨ ᠴᠠᠭ᠄
2019/11/25
     ᠶᠢᠰᠦ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶᠎ ᠢ ᠬᠡᠷᠬᠢᠨ ᠨᠥᠬᠦᠨ ᠣᠯᠭᠤᠬᠤ ᠪᠠ ᠰᠣᠯᠢᠬᠤ ᠪᠣᠢ︖      ᠬᠠᠷᠢᠭᠤᠯᠲᠠ᠄ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶᠎ ᠳᠠᠬᠢ ᠬᠠᠮᠢᠶ᠎ᠠ ᠪᠦᠬᠦᠢ ᠲᠡᠮᠳᠡᠭᠯᠡᠯ ᠤᠨ ᠨᠢᠭᠤᠷ ᠲᠤ ᠲᠡᠮᠳᠡᠭᠯᠡᠭᠰᠡᠨ ᠠᠭᠤᠯᠭ᠎ᠠ ᠨᠢ ᠨᠢᠭᠡᠨᠲᠡ ᠳᠦᠭᠦᠷᠦᠭᠰᠡᠨ ᠪᠣᠯ᠂ ᠤᠤᠯ ᠦᠨᠡᠮᠯᠡᠯ ᠢᠶᠠᠨ ᠠᠪᠴᠤ ᠬᠠᠷᠭᠤᠭᠤᠯᠤᠨ ᠣᠯᠭᠤᠭᠰᠠᠨ ᠤᠤᠯ ᠤᠨ ᠪᠠᠶᠢᠭᠤᠯᠤᠮᠵᠢ ᠳᠤ ᠬᠦᠷᠴᠦ ᠦᠨᠡᠮᠯᠡᠯ ᠰᠣᠯᠢᠬᠤ ᠭᠠᠷᠳᠠᠮ ᠬᠢᠨ᠎ᠡ᠃ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶᠎ ᠢᠶᠠᠨ ᠭᠡᠭᠡᠭᠰᠡᠨ ᠪᠤᠶᠤ ᠦᠨᠡᠮᠯᠡᠯ ᠨᠢ ᠡᠪᠳᠡᠭᠳᠡᠭᠰᠡᠨ ᠪᠣᠯ᠂ ᠴᠠᠭ ᠲᠤᠬᠠᠢ ᠳᠤ ᠨᠢ ᠬᠠᠷᠭᠤᠭᠤᠯᠤᠨ ᠣᠯᠭᠤᠭᠰᠠᠨ ᠤᠤᠯ ᠤᠨ ᠪᠠᠶᠢᠭᠤᠯᠤᠮᠵᠢ ᠳᠤ ᠬᠦᠷᠴᠦ ᠭᠡᠭᠡᠭᠰᠡᠨ ᠢᠶᠠᠨ ᠮᠡᠳᠡᠭᠦᠯᠬᠦ ᠶᠢᠨ ᠬᠠᠮᠲᠤ᠂ ᠵᠣᠬᠢᠬᠤ ᠠᠷᠭ᠎ᠠ ᠬᠡᠯᠪᠡᠷᠢ ᠪᠠᠷ ᠨᠡᠶᠢᠲᠡ ᠳᠤ ᠵᠠᠷᠯᠠᠵᠤ᠂ ᠤᠤᠯ ᠤᠨ ᠣᠯᠭᠤᠭᠰᠠᠨ ᠪᠠᠶᠢᠭᠤᠯᠤᠮᠵᠢ ᠠᠴᠠ ᠬᠠᠷᠭᠤᠭᠤᠯᠤᠨ ᠨᠤᠲᠠᠯᠠᠭᠰᠠᠨ ᠤ ᠳᠠᠷᠠᠭ᠎ᠠ ᠨᠥᠬᠦᠨ ᠣᠯᠭᠤᠬᠤ ᠬᠡᠷᠡᠭᠲᠡᠢ᠃     ᠠᠷᠪᠠ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠬᠡᠪᠴᠢᠶ᠎ᠡ ᠨᠢ ᠶᠠᠭᠤ ᠪᠣᠢ︖      ᠬᠠᠷᠢᠭᠤᠯᠲᠠ᠄ ᠠᠵᠢᠯ ᠣᠯᠬᠤ ᠳᠤ ᠬᠦᠴᠢᠷᠳᠡᠯᠲᠡᠢ ᠬᠥᠮᠥᠰ ᠭᠡᠳᠡᠭ ᠪᠣᠯ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠤ ᠬᠦᠷᠴᠦ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠱᠠᠭᠠᠷᠳᠠᠯᠭ᠎ᠠ ᠲᠠᠢ ᠪᠠᠷ ᠪᠠᠷᠠᠬᠤ ᠦᠭᠡᠢ ᠨᠢᠭᠡᠨᠲᠡ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠳᠣᠣᠷᠠᠬᠢ ᠬᠡᠳᠦᠨ ᠲᠥᠷᠥᠯ ᠤᠨ ᠬᠥᠮᠥᠰ ᠢ ᠵᠢᠭᠠᠵᠤ ᠪᠠᠶᠢᠨ᠎ᠠ᠄ 1. ᠬᠤᠲᠠ ᠪᠠᠯᠭᠠᠰᠤ ᠳᠤ ᠳᠠᠩᠰᠠᠯᠠᠨ ᠲᠡᠮᠳᠡᠭᠯᠡᠭᠦᠯᠦᠭᠰᠡᠨ ︽4050︾ ᠠᠵᠢᠯ ᠠᠯᠳᠠᠭᠰᠠᠳ ︵ᠡᠮᠡᠭᠲᠡᠢ ᠪᠦᠬᠦᠯᠢ 40 ᠨᠠᠰᠤ᠂ ᠡᠷᠡᠭᠲᠡᠢ ᠪᠦᠬᠦᠯᠢ 50 ᠨᠠᠰᠤ︶᠂ ᠳᠣᠷᠣᠭᠰᠢ ︽4050︾ ᠬᠥᠮᠥᠰ ᠭᠡᠵᠦ ᠲᠣᠪᠴᠢᠯᠠᠨ᠎ᠠ︔ 2. ︽ᠵᠡᠮᠳᠡᠭᠴᠦᠳ ᠤᠨ ᠭᠡᠷᠡᠴᠢ︾᠎ ᠲᠠᠢ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯ ᠱᠠᠭᠠᠷᠳᠠᠯᠭ᠎ᠠ ᠲᠠᠢ ᠬᠤᠲᠠ ᠪᠠᠯᠭᠠᠰᠤ ᠶᠢᠨ ᠵᠡᠮᠳᠡᠭᠴᠦᠳ︔ 3. ᠭᠤᠶᠤᠴᠢᠯᠠᠨ ᠮᠡᠳᠡᠭᠦᠯᠬᠦ ᠪᠠᠷ ᠳᠠᠮᠵᠢᠨ ᠨᠤᠲᠠᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠡᠰᠢᠭᠦᠳ︔ 4. ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ ᠪᠠᠶᠢᠭ᠎ᠠ ᠬᠤᠭᠤᠴᠠᠭᠠᠨ ᠳᠠᠬᠢ ᠬᠤᠲᠠ ᠪᠠᠯᠭᠠᠰᠤ ᠶᠢᠨ ᠪᠦᠬᠦᠯᠢ 35 ᠨᠠᠰᠤᠲᠠᠢ ᠡᠮᠡᠭᠲᠡᠢ ᠠᠵᠢᠯ ᠠᠯᠳᠠᠭᠰᠠᠳ ᠪᠠ ᠪᠦᠬᠦᠯᠢ 45 ᠨᠠᠰᠤᠲᠠᠢ ᠡᠷᠡᠭᠲᠡᠢ ᠠᠵᠢᠯ ᠠᠯᠳᠠᠭᠰᠠᠳ︔ 5. ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠲᠣᠭᠤᠷᠢᠭ ᠲᠤ᠂ ᠭᠠᠵᠠᠷ ᠰᠢᠷᠣᠢ ᠪᠠᠨ ᠪᠦᠷᠢᠮᠦᠰᠦᠨ ᠠᠯᠳᠠᠭᠰᠠᠨ ᠪᠦᠬᠦᠯᠢ 40 ᠨᠠᠰᠤᠲᠠᠢ ᠡᠮᠡᠭᠲᠡᠢ᠂ ᠪᠦᠬᠦᠯᠢ 50 ᠨᠠᠰᠤᠲᠠᠢ ᠡᠷᠡᠭᠲᠡᠢ ᠭᠠᠵᠠᠷ ᠰᠢᠷᠣᠢ ᠪᠠᠨ ᠠᠯᠳᠠᠭᠰᠠᠳ︔ 6. ᠳᠠᠷᠠᠭᠠᠯᠠᠨ ᠨᠢᠭᠡ ᠵᠢᠯ ᠠᠴᠠ ᠳᠡᠭᠡᠭᠰᠢ ᠠᠵᠢᠯ ᠠᠯᠳᠠᠭᠰᠠᠨ ᠪᠦᠬᠦᠯᠢ 35 ᠨᠠᠰᠤᠲᠠᠢ ᠡᠮᠡᠭᠲᠡᠢ ᠪᠠ ᠪᠦᠬᠦᠯᠢ 45 ᠨᠠᠰᠤᠲᠠᠢ ᠡᠷᠡᠭᠲᠡᠢ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ ᠲᠥᠷᠥᠯ ᠲᠠᠨᠢᠯᠴᠠᠭᠤᠯᠬᠤ ᠦᠢᠯᠡᠴᠢᠯᠡᠭᠡ 3 ᠤᠳᠠᠭ᠎ᠠ ᠬᠠᠩᠭᠠᠭᠰᠠᠨ ᠪᠣᠯᠪᠠᠴᠤ᠂ ᠬᠤᠪᠢ ᠬᠥᠮᠥᠨ ᠤ ᠪᠤᠰᠤ ᠰᠢᠯᠲᠠᠭᠠᠨ ᠠᠴᠠ ᠪᠣᠯᠵᠤ ᠮᠥᠨ ᠬᠦ ᠠᠵᠢᠯ ᠣᠯᠣᠭᠠᠳᠤᠢ ᠬᠤᠲᠠ ᠪᠠᠯᠭᠠᠰᠤ ᠶᠢᠨ ᠠᠵᠢᠯ ᠠᠯᠳᠠᠭᠰᠠᠳ︔ 7. ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ 3 ᠵᠢᠯ ᠠᠴᠠ ᠳᠡᠭᠡᠭᠰᠢ ᠠᠵᠢᠯ ᠣᠯᠣᠭᠠᠳᠤᠢ ᠮᠣᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠪᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠣᠶᠤᠲᠠᠳ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ