ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠥᠷᠪᠡ︶
ᠨᠡᠶᠢᠲᠡᠯᠡᠭᠰᠡᠨ ᠴᠠᠭ᠄
2019/11/25
     ᠳᠣᠯᠤᠭ᠎ᠠ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠭᠡᠵᠦ ᠶᠠᠭᠤ ᠪᠣᠢ︖      ᠬᠠᠷᠢᠭᠤᠯᠲᠠ᠄ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠪᠣᠯ ᠬᠥᠳᠡᠯᠮᠦᠷᠢᠯᠡᠭᠴᠢᠳ ᠤᠨ ᠠᠵᠢᠯ ᠣᠯᠣᠭᠰᠠᠨ ᠪᠠ ᠠᠵᠢᠯ ᠠᠯᠳᠠᠭᠰᠠᠨ ᠪᠠᠶᠢᠳᠠᠯ᠂ ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠰᠡᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠬᠦᠯᠢᠶᠡᠨ ᠠᠪᠤᠭᠰᠠᠨ ᠵᠡᠷᠭᠡ ᠪᠠᠶᠢᠳᠠᠯ ᠢ ᠲᠡᠮᠳᠡᠭᠯᠡᠭᠰᠡᠨ ᠦᠨᠳᠦᠰᠦᠨ ᠠᠴᠢᠶᠠᠯᠠᠭᠴᠢ᠂ ᠬᠥᠳᠡᠯᠮᠦᠷᠢᠯᠡᠭᠴᠢᠳ ᠠᠴᠠ ᠲᠣᠭᠲᠠᠭᠠᠯ ᠶᠣᠰᠣᠭᠠᠷ ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠰᠡᠨ ᠪᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠬᠦᠯᠢᠶᠡᠨ ᠠᠪᠤᠭᠰᠠᠨ ᠬᠦᠴᠦᠨ ᠪᠦᠬᠦᠢ ᠭᠡᠷᠡᠴᠢ ᠦᠨᠡᠮᠯᠡᠯ ᠪᠠᠶᠢᠵᠤ᠂ ᠪᠦᠬᠦ ᠤᠯᠤᠰ ᠲᠤ ᠨᠢᠭᠡᠳᠦᠯᠲᠡᠢ ᠶᠠᠩᠵᠤ ᠬᠡᠯᠪᠡᠷᠢ᠂ ᠨᠢᠭᠡᠳᠦᠯᠲᠡᠢ ᠳ᠋ᠤᠭᠠᠷᠯᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ︔ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠳᠤ ᠲᠡᠮᠳᠡᠭᠯᠡᠭᠰᠡᠨ ᠮᠡᠳᠡᠭᠡ ᠵᠠᠩᠭᠢ ᠨᠢ ᠪᠦᠬᠦ ᠤᠯᠤᠰ ᠤᠨ ᠬᠡᠪᠴᠢᠶᠡᠨ ᠳᠤ ᠬᠦᠴᠦᠨ ᠲᠠᠢ ᠪᠠᠶᠢᠵᠤ᠂ ᠬᠥᠳᠡᠯᠮᠦᠷᠢᠯᠡᠭᠴᠢᠳ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢᠶᠠᠨ ᠪᠠᠷᠢᠵᠤ ᠭᠠᠵᠠᠷ ᠣᠷᠣᠨ ᠠᠯᠤᠰᠯᠠᠨ ᠤᠯᠤᠰ ᠠᠴᠠ ᠨᠢᠭᠡᠳᠦᠯᠲᠡᠢ ᠲᠣᠭᠲᠠᠭᠠᠭᠰᠠᠨ ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃      ᠨᠠᠢᠮᠠ᠂ ᠶᠠᠮᠠᠷ ᠶᠠᠮᠠᠷ ᠬᠥᠮᠥᠨ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢ ᠭᠤᠶᠤᠴᠢᠯᠠᠨ ᠠᠪᠴᠤ ᠪᠣᠯᠬᠤ ᠪᠣᠢ︖      ᠬᠠᠷᠢᠭᠤᠯᠲᠠ᠄ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢ ᠲᠠᠷᠬᠠᠭᠠᠬᠤ ᠬᠡᠪᠴᠢᠶ᠎ᠡ ᠳᠤ ᠳᠣᠣᠷᠠᠬᠢ ᠬᠡᠳᠦᠨ ᠲᠠᠯ᠎ᠠ ᠶᠢ ᠪᠠᠭᠲᠠᠨ᠎ᠠ᠄ 1. ᠠᠵᠢᠯ ᠠᠯᠳᠠᠭᠰᠠᠨ ᠪᠠ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠬᠥᠳᠡᠯᠮᠦᠷᠢᠯᠡᠭᠴᠢᠳ︔ 2. ᠠᠵᠢᠯ ᠣᠯᠭᠤᠬᠤ ᠲᠤᠰᠠᠯᠠᠮᠵᠢ ᠬᠦᠷᠲᠡᠭᠡᠬᠦ ᠡᠲᠡᠭᠡᠳ ᠢᠶᠠᠷ ᠨᠤᠲᠠᠯᠠᠨ ᠲᠣᠭᠲᠠᠭᠠᠭᠳᠠᠭᠰᠠᠨ ᠬᠥᠳᠡᠯᠮᠦᠷᠢᠯᠡᠭᠴᠢᠳ︔ 3. ᠠᠵᠢᠯ ᠣᠯᠭᠤᠵᠤ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠰᠡᠨ ᠬᠥᠳᠡᠯᠮᠦᠷᠢᠯᠡᠭᠴᠢᠳ︔ 4. ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠭᠰᠠᠨ ᠬᠡᠪᠴᠢᠶᠡᠨ ᠳᠠᠬᠢ ᠪᠤᠰᠤᠳ ᠬᠥᠳᠡᠯᠮᠦᠷᠢᠯᠡᠭᠴᠢᠳ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ