ᠪᠦᠬᠦ ᠤᠷᠤᠨ ᠤ ᠠᠵᠤ ᠦᠢᠯᠡᠳᠪᠦᠷᠢ ᠡᠨᠧᠷᠬᠢ ᠵᠠᠮ ᠬᠠᠷᠢᠯᠴᠠᠭᠠᠨ ᠤ ᠬᠥᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/26
     11 ᠰᠠᠷ᠎ᠠ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠥ᠂ ᠪᠦᠬᠦ ᠤᠷᠤᠨ ᠤ ᠠᠵᠤ ᠦᠢᠯᠡᠳᠪᠦᠷᠢ ᠡᠨᠧᠷᠬᠢ ᠵᠠᠮ ᠬᠠᠷᠢᠯᠴᠠᠭᠠᠨ ᠤ ᠬᠥᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠳᠠᠨᠢᠯᠴᠠᠭᠤᠯᠪᠠ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ᠂ ᠤᠢᠢᠷ᠎ᠠ ᠶᠢᠨ ᠬᠤᠭᠤᠴᠠᠭᠠᠨ ᠳᠠᠬᠢ ᠮᠠᠨ ᠤ ᠤᠷᠤᠨ ᠤ ᠠᠵᠤ ᠦᠢᠯᠡᠳᠪᠦᠷᠢ ᠡᠨᠧᠷᠬᠢ ᠵᠠᠮ ᠬᠠᠷᠢᠯᠴᠠᠭᠠᠨ ᠤ ᠬᠥᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠨᠡᠶᠢᠳᠡᠯᠡᠪᠡ᠃ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠡᠨᠧᠷᠬᠢ ᠶᠢᠨ ᠳᠤᠪᠴᠢᠶ᠎ᠠ᠂ ᠬᠦᠬᠡᠬᠤᠳᠠ ᠶᠢᠨ ᠲᠡᠮᠦᠷ ᠵᠠᠮ ᠤᠨ ᠳᠤᠪᠴᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠤᠯᠳᠠ ᠦᠭᠡᠷᠡᠴᠢᠯᠡᠯᠳᠡ ᠶᠢᠨ ᠵᠦᠪᠯᠡᠯ ᠤᠨ ᠬᠠᠷᠢᠭᠤᠴᠠᠯᠭᠠᠳᠠᠨ ᠠᠴᠠ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠤᠢᠢᠷ᠎ᠠ ᠶᠢᠨ ᠬᠤᠭᠤᠴᠠᠭᠠᠨ ᠳᠤ᠂ ᠮᠠᠨ ᠤ ᠤᠷᠤᠨ ᠤ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠠᠴᠠ ᠶᠡᠷᠦᠩᠬᠡᠢ ᠱᠦᠵᠢ ᠰᠢ ᠶᠢᠨ ᠫᠢᠡᠭ ᠤᠨ ᠦᠪᠦᠷ ᠮᠤᠩᠭᠤᠯ ᠤᠨ ᠠᠵᠢᠯ ᠤᠨ ᠳᠤᠬᠠᠢ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠨ ᠦᠢᠯᠡᠳᠤᠯᠭᠡᠵᠢᠬᠦᠯᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠬᠦᠭᠵᠢᠯᠲᠠ ᠪᠠᠷ ᠤᠳᠤᠷᠢᠳᠤᠮᠵᠢ ᠪᠤᠯᠭᠠᠭᠰᠠᠨ︾ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠢᠳᠡᠪᠬᠢᠳᠠᠢ ᠰᠦᠪᠡᠭᠴᠢᠯᠡᠵᠤ᠂ ᠠᠵᠤ ᠦᠢᠯᠡᠳᠪᠦᠷᠢ ᠡᠨᠧᠷᠬᠢ᠂ ᠵᠠᠮ ᠬᠠᠷᠢᠯᠴᠠᠭ᠎ᠠ ᠳᠡᠭᠡᠭᠡᠪᠦᠷᠢ᠂ ᠳᠡᠮᠦᠷ ᠵᠠᠮ᠂ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠷᠢᠶᠡᠨ ᠳᠠᠬᠢ ᠡᠯ᠎ᠡ ᠵᠦᠢᠯ ᠤᠨ ᠠᠵᠢᠯ ᠦᠢᠯᠡᠰ ᠴᠦᠮ ᠲᠦᠷᠭᠡᠨ ᠬᠦᠭᠵᠢᠯᠳᠡ ᠲᠠᠢ ᠪᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠳᠤ ᠠᠩᠬᠠᠷᠤᠯ ᠢᠶᠠᠨ ᠲᠦᠪᠯᠡᠷᠡᠬᠦᠯᠵᠤ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ ᠳᠤᠪᠤᠶᠢᠮ᠎ᠡ ᠤᠢᠢᠯᠡᠳᠦᠯᠭᠡᠵᠢᠬᠦᠯᠵᠤ᠂ ᠬᠦᠭᠵᠢᠯᠳᠡ ᠶᠢᠨ ᠶᠠᠰᠤ ᠴᠢᠨᠠᠷ ᠮᠡᠳᠡᠭᠳᠡᠮ᠎ᠡ ᠳᠡᠭᠡᠭᠰᠢᠯᠡᠪᠡ︔ ᠡᠨᠧᠷᠬᠢ ᠶᠢᠨ ᠠᠵᠤ ᠠᠬᠤᠢ ᠠᠵᠤ ᠦᠢᠯᠡᠰ ᠤᠨ ᠪᠦᠳᠤᠴᠡ ᠶᠢ ᠰᠢᠯᠢᠳᠡᠭᠵᠢᠬᠦᠯᠬᠦ ᠳᠤ ᠠᠩᠬᠠᠷᠤᠯ ᠢᠶᠠᠨ ᠲᠦᠪᠯᠡᠷᠡᠬᠦᠯᠵᠤ᠂ ᠳᠠᠪᠠᠭᠤᠯᠢᠭ ᠤᠨᠴᠠᠯᠢᠭ ᠢᠶᠠᠨ ᠳᠤᠪᠤᠶᠢᠯᠭᠠᠵᠤ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠨᠡᠩ ᠪᠠᠳᠤ ᠪᠠᠬᠢ ᠪᠤᠯᠪᠠ︔ ᠵᠠᠮ ᠬᠠᠷᠢᠯᠴᠭᠠᠨ ᠤ ᠦᠢᠯᠡᠰ ᠤᠨ ᠳᠠᠯ᠎ᠠ ᠪᠠᠷ ᠤᠳᠤ ᠦᠶ᠎ᠡ ᠶᠢᠨ ᠶᠡᠷᠦᠩᠬᠡᠶᠢᠯᠡᠭᠰᠡᠨ ᠪᠤᠰᠤᠭ᠎ᠠ ᠴᠤᠭᠴᠠᠳᠤ ᠵᠠᠮ ᠬᠠᠷᠢᠯᠴᠠᠭᠠᠨ ᠤ ᠳᠤᠤᠷ ᠤᠨ ᠪᠦᠳᠦᠭᠡᠨ ᠪᠠᠶᠢᠭᠤᠯᠤᠯᠳᠠ ᠳᠤ ᠠᠩᠬᠠᠷᠤᠯ ᠢᠶᠠᠨ ᠲᠦᠪᠯᠡᠷᠡᠬᠦᠯᠵᠤ᠂ ᠪᠠᠶᠢᠷᠢᠰᠢᠯ ᠢ ᠰᠢᠯᠢᠳᠡᠭᠵᠢᠬᠦᠯᠬᠦ ᠶᠢ ᠳᠤᠪᠤᠶᠢᠯᠭᠠᠵᠤ᠂ ᠳᠤᠳᠠᠭᠤᠳᠠᠯ ᠢᠶᠠᠨ ᠨᠦᠬᠦᠪᠦᠷᠢᠯᠡᠵᠤ᠂ ᠳᠤᠯᠭᠠᠭᠤᠷᠢᠯᠠᠵᠤ ᠪᠠᠳᠤᠯᠠᠬᠤ ᠦᠢᠯᠡᠳᠤᠯ ᠳᠤᠪᠤᠶᠢᠮ᠎ᠡ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号