︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠠᠮᠤᠷ ᠲᠦᠪᠰᠢᠨ ᠢ ᠬᠠᠮᠠᠭᠠᠯᠠᠬᠤ ᠠᠵᠢᠯ ᠲᠤᠭᠳᠠᠭᠤᠨ ᠢᠶᠠᠷ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2019/11/26
     ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠭᠡᠯ ᠺᠤᠮᠢᠰ ᠠᠴᠠ ᠤᠶᠢᠯᠠᠭᠠᠭᠰᠠᠨ ᠢᠶᠠᠷ ︽ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠠᠮᠤᠷ ᠲᠦᠪᠰᠢᠨ ᠢ ᠬᠠᠮᠠᠭᠠᠯᠠᠬᠤ ᠠᠵᠢᠯ ᠲᠤᠭᠳᠠᠭᠤᠨ ᠢᠶᠠᠷ ᠠᠬᠢᠵᠦ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠳᠤᠲᠤᠭᠠᠲᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠢ ᠠᠩᠭᠢ ᠲᠡᠷᠢᠭᠦᠯᠡᠨ ᠠᠵᠢᠯᠯᠠᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠬᠦᠯᠦᠨ ᠪᠦᠢᠷ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠬᠠᠳᠠ ᠬᠤᠲᠠ ᠵᠡᠷᠭᠡ 4 ᠤᠷᠤᠯᠳᠤᠭᠠᠨ ᠤ ᠲᠤᠭᠤᠷᠢᠭ ᠤᠨ 6 ᠤᠷᠤᠯᠳᠤᠭᠠᠨ ᠤ ᠲᠠᠯᠠᠪᠤᠷ ᠲᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠭᠰᠡᠨ ᠪᠠ ᠲᠤᠬᠠᠢ ᠶᠢᠨ ᠭᠠᠵᠠᠷ ᠲᠤ ᠨᠢ ᠵᠢᠯᠤᠭᠤᠳᠤᠯᠭ᠎ᠠ ᠬᠢᠵᠦ᠂ ᠡᠯ᠎ᠡ ᠤᠷᠤᠯᠳᠤᠭᠠᠨ ᠤ ᠲᠤᠭᠤᠷᠢᠭ ᠪᠠ ᠤᠷᠤᠯᠳᠤᠭᠠᠨ ᠤ ᠲᠠᠯᠠᠪᠤᠷ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠡᠮᠬᠢ ᠴᠡᠭᠴᠡᠲᠡᠢ ᠠᠬᠢᠭᠤᠯᠬᠤ ᠶᠢ ᠦᠨᠡᠨ ᠬᠦ ᠪᠠᠲᠤᠯᠠᠪᠠ᠃      ᠬᠦᠯᠦᠨ ᠪᠦᠢᠷ ᠬᠤᠲᠠ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ ᠤᠳᠤᠬᠠᠨ ᠳᠤ ᠨᠢᠭᠡᠨᠲᠡ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠠᠮᠤᠷ ᠲᠦᠪᠰᠢᠨ ᠢ ᠬᠠᠮᠠᠭᠠᠯᠠᠬᠤ ᠲᠠᠯ᠎ᠠ ᠶᠢᠨ ᠠᠯᠢᠪᠠ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠪᠡ᠃ ᠬᠦᠯᠦᠨ ᠪᠦᠢᠷ ᠬᠤᠲᠠ ᠶᠢᠨ ᠤᠷᠤᠯᠳᠤᠭᠠᠨ ᠤ ᠲᠤᠭᠤᠷᠢᠭ ᠤᠨ ᠭᠦᠢᠴᠡᠳᠭᠡᠬᠦ ᠺᠣᠮᠢᠰ ᠤᠨ ᠠᠮᠤᠷ ᠲᠦᠪᠰᠢᠨ ᠢ ᠬᠠᠮᠠᠭᠠᠯᠠᠬᠤ ᠬᠡᠯᠲᠡᠰ 10 ᠳ᠋ᠤᠭᠠᠷ ᠰᠠᠷ᠎ᠠ ᠶᠢᠨ ᠰᠡᠭᠦᠯᠴᠢ ᠪᠠᠷ ᠵᠢᠯᠤᠭᠤᠴᠢ ᠦᠭᠡᠢ ᠨᠢᠰᠭᠡᠯ ᠵᠢᠯᠤᠭᠤᠳᠬᠤ ᠵᠢᠴᠢ ᠭᠡᠳᠡᠷᠬᠦ ᠦᠢᠯᠡᠳᠬᠦ ᠠᠵᠢᠯᠯᠠᠭᠠᠨ ᠤ ᠪᠤᠯᠪᠠᠰᠤᠷᠠᠭᠤᠯᠤᠯ ᠬᠢᠵᠦ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠡᠯ᠎ᠡ ᠤᠷᠤᠯᠳᠤᠭᠠᠨ ᠤ ᠭᠠᠵᠠᠷ ᠲᠤ ᠬᠤᠯᠪᠤᠭᠳᠠᠬᠤ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ ᠠᠷᠠᠳ ᠤᠨ ᠴᠠᠭᠳᠠᠭ᠎ᠠ ᠨᠠᠷ ᠵᠢᠯᠤᠭᠤᠴᠢ ᠦᠭᠡᠢ ᠨᠢᠰᠭᠡᠯ ᠤᠨ ᠠᠵᠢᠯᠯᠠᠭᠠᠨ ᠵᠢᠴᠢ ᠭᠡᠳᠡᠷᠭᠦ ᠦᠢᠯᠡᠳᠬᠦ ᠤᠷ᠎ᠠ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠦᠯᠦᠨ ᠪᠦᠢᠷ ᠬᠤᠲᠠ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾᠎ ᠤ ᠰᠠᠭᠤᠬᠤ ᠭᠠᠵᠠᠷ ᠤᠨ ᠠᠮᠤᠷ ᠲᠦᠪᠰᠢᠨ ᠢ ᠬᠠᠮᠠᠭᠠᠯᠠᠬᠤ ᠴᠠᠭᠳᠠᠭᠠᠨ ᠤ ᠬᠦᠴᠦᠨ ᠤ ᠲᠦᠰᠦᠭᠡᠯᠡᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠴᠤᠭᠯᠠᠭᠠᠨ ᠤ ᠬᠦᠯᠦᠨ ᠪᠦᠢᠷ ᠤᠨ ᠤᠷᠤᠯᠳᠤᠭᠠᠨ ᠤ ᠲᠤᠭᠤᠷᠢᠭ ᠤᠨ ᠡᠪᠦᠯ ᠤᠨ ᠤᠯᠠᠷᠢᠯ ᠤᠨ ᠬᠤᠶᠠᠷ ᠤᠷᠤᠯᠳᠤᠭᠠᠨ ᠤ ᠫᠤᠤ ᠵᠡᠪᠰᠡᠭ ᠲᠠᠷᠢ ᠰᠤᠮᠤ ᠶᠢᠨ ᠬᠠᠮᠢᠶᠠᠷᠤᠯᠲᠠ ᠶᠢᠨ ᠠᠷᠭ᠎ᠠ︾᠎ ᠶᠢ ᠰᠤᠳᠤᠯᠤᠨ ᠲᠤᠭᠲᠠᠭᠠᠭᠠᠳ ᠨᠢᠭᠡᠨᠲᠡ ᠬᠦᠯᠦᠨ ᠪᠦᠢᠷ ᠤᠨ ᠤᠷᠤᠯᠳᠤᠭᠠᠨ ᠤ ᠲᠤᠭᠤᠷᠢᠭ ᠤᠨ ᠭᠦᠢᠴᠡᠳᠭᠡᠬᠦ ᠺᠤᠮᠢᠰ ᠲᠤ ᠬᠢᠨᠠᠭᠤᠯᠬᠤ ᠪᠠᠷ ᠳᠡᠪᠰᠢᠭᠦᠯᠵᠡᠢ᠃ ᠠᠮᠤᠷ ᠲᠦᠪᠰᠢᠨ ᠤ ᠪᠠᠶᠢᠴᠠᠭᠠᠯᠲᠠ ᠶᠢᠨ ᠳᠡᠯᠪᠡᠷᠡᠬᠦ ᠡᠳ᠋ ᠨᠡᠩᠵᠢᠬᠦ ᠶᠢ ᠲᠡᠭᠦᠰ ᠪᠠᠲᠤᠯᠠᠬᠤ ᠶᠢᠨ ᠲᠦᠯᠦᠭᠡ᠂ ᠬᠦᠯᠦᠨ ᠪᠦᠢᠷ ᠬᠤᠲᠠ ᠳᠡᠯᠪᠡᠷᠡᠬᠦ ᠡᠳ᠋ ᠨᠡᠩᠵᠢᠬᠦ ᠨᠤᠬᠠᠢ ᠶᠢᠨ ᠲᠦᠷ ᠴᠠᠭ ᠤᠨ ᠬᠤᠷᠢᠭᠤᠯ ᠢ 300 ᠲᠡᠭᠰᠢ ᠳᠦᠷᠪᠡᠯᠵᠢᠨ ᠮᠧᠲᠷ ᠪᠡᠯᠡᠳᠭᠡᠨ ᠪᠠᠶᠢᠭᠤᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号