ᠮᠠᠨ ᠤ ᠤᠷᠤᠨ ᠤ 11 ᠨᠡᠷᠡᠲᠤ ᠲᠡᠮᠲᠡᠭᠲᠦ ᠳᠤᠮᠳᠠᠳᠤ ᠤᠯᠤᠰ ᠤᠨ ᠲᠠᠷᠢᠶᠠᠯᠠᠩ ᠤᠨ ᠨᠡᠷᠡᠲᠦ ᠲᠡᠮᠲᠡᠭᠲᠦ ᠶᠢᠨ ᠭᠠᠷᠴᠠᠭ ᠲᠤ  ᠲᠤᠳᠤᠷᠠᠪᠠ
ᠨᠡᠶᠢᠲᠡᠯᠡᠭᠰᠡᠨ ᠴᠠᠭ᠄
2019/11/27
     ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠎ ᠤ ᠲᠢᠩᠬᠢᠮ ᠠᠴᠠ ᠤᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠨᠡᠷᠡᠲᠦ ᠲᠡᠮᠳᠡᠭᠲᠦ ᠶᠢᠨ ᠭᠠᠷᠴᠠᠭ ᠪᠦᠬᠦᠢ 2019 ᠤᠨ ᠤ ᠲᠠᠷᠢᠶᠠᠯᠠᠩ ᠤᠨ ᠪᠦᠲᠦᠭᠡᠭᠲᠡᠬᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠤᠷᠴᠢᠮ ᠤᠨ ᠡᠳᠦᠷ ᠠᠷᠪᠠᠨ ᠳᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠲᠡᠬᠦᠨ ᠤ ᠠᠷᠠᠯᠵᠢᠶᠠᠨ ᠤ ᠴᠤᠭᠯᠠᠭᠠᠨ ᠳᠡᠭᠡᠷ᠎ᠡ ᠨᠡᠶᠢᠲᠡᠯᠡᠪᠡ᠂ ᠮᠠᠨ ᠤ ᠤᠷᠤᠨ ᠎ ᠤ ᠠᠮᠤ ᠲᠤᠰᠤ᠂  ᠮᠠᠯ ᠵᠢᠭᠦᠷᠲᠡᠨ ᠵᠡᠷᠭᠡ 11 ᠲᠦᠷᠦᠯ ᠤᠨ ᠤᠨᠴᠠᠯᠢᠭᠲᠤ ᠲᠠᠷᠢᠶᠠᠯᠠᠩ ᠤᠨ ᠪᠦᠲᠦᠭᠡᠭᠲᠡᠬᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠳᠤ ᠲᠤᠳᠤᠷᠠᠪᠠ᠃      ᠮᠠᠨ ᠤ ᠤᠷᠤᠨ ᠤ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ  ᠎ ᠤ ᠨᠡᠷᠡᠲᠦ ᠲᠡᠮᠲᠡᠭᠲᠦ ᠳᠤ ᠰᠤᠩᠭᠤᠭᠳᠠᠭᠰᠠᠨ ᠪᠦᠲᠦᠭᠡᠭᠲᠡᠬᠦᠨ ᠪᠤᠯ ᠰᠢᠯᠢ ᠶᠢᠨ ᠭᠤᠤᠯ ᠤᠨ ᠬᠤᠨᠢᠨ ᠮᠢᠬ᠎ᠠ᠂ ᠬᠤᠷᠴᠢᠨ ᠤ ᠦᠬᠡᠷ᠂ ᠤᠯᠠᠭᠠᠨᠴᠠᠪ ᠤᠨ ᠲᠦᠮᠦᠰᠦ᠂ ᠬᠢᠩᠭᠠᠨ ᠠᠶᠢᠮᠠᠭ ᠤᠨ ᠲᠤᠲᠤᠷᠭ᠎ᠠ᠂ ᠪᠤᠷᠤᠲᠤᠬᠤᠢ ᠶᠢᠨ ᠨᠠᠷᠠᠨ ᠬᠤᠸᠠᠷ᠂ ᠤᠯᠠᠭᠠᠨᠬᠠᠳᠠ ᠶᠢᠨ ᠨᠠᠷᠢᠮᠤ᠂ ᠬᠦᠯᠦᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠤᠲᠤᠭ ᠤᠨ ᠠᠷᠪᠠᠰ ᠤᠨ ᠨᠤᠤᠯᠤᠷᠲᠤ ᠢᠮᠠᠭ᠎ᠠ᠂ ᠦᠬᠠᠢ ᠶᠢᠨ ᠦᠵᠦᠮ᠂ ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ᠂ ᠠᠤᠬᠠᠨ ᠤ ᠨᠠᠷᠢᠮᠤ ᠪᠤᠳᠠᠭ᠎ᠠ ᠵᠡᠷᠭᠡ ᠪᠤᠯᠤᠨ᠎ᠠ᠃      ᠤᠷᠴᠢᠮ ᠤᠨ ᠵᠢᠯ ᠳᠤ᠂ ᠮᠠᠨ ᠤ ᠤᠷᠤᠨ ︽ᠲᠠᠷᠢᠶᠠᠯᠠᠩ ᠮᠠᠯ ᠠᠵᠤ ᠠᠬᠤᠢ ᠶᠢ ᠴᠢᠨᠠᠷᠵᠢᠭᠤᠨ ᠬᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢ ᠪᠤᠭᠢᠷᠳᠤᠯ ᠦᠭᠡᠢ ᠬᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢ ᠨᠡᠷᠡᠲᠦ ᠲᠡᠮᠲᠡᠭᠲᠦ ᠪᠠᠷ ᠬᠦᠴᠦᠷᠬᠡᠭᠵᠢᠭᠦᠯᠬᠦ︾ ᠲᠤᠭᠤᠷᠢᠨ ᠳᠤ᠂ ᠠᠯᠢ ᠤᠯᠠᠨ ᠰᠢᠷᠢᠰ ᠠᠷᠭ᠎ᠠ ᠬᠡᠮᠵᠢᠶ᠎ᠡ ᠠᠪᠴᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠲᠡᠭᠲᠦ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠢᠳᠡᠰᠢᠨ ᠬᠤᠨᠢ᠂ ᠢᠳᠡᠰᠢᠨ ᠦᠬᠡᠷ᠂ ᠲᠦᠮᠦᠰᠦ᠂ ᠡᠷᠳᠡᠨᠢ ᠰᠢᠰᠢ᠂ ᠨᠠᠷᠠᠨ ᠬᠤᠸᠠᠷ᠂ ᠲᠤᠳᠤᠷᠭ᠎ᠠ᠂ ᠡᠯᠳᠡᠪ ᠠᠮᠤ ᠪᠤᠷᠴᠠᠭ ᠵᠡᠷᠭᠡ ︽ᠮᠤᠩᠭᠤᠯ︾ ᠨᠡᠷᠡᠲᠦ ᠲᠡᠮᠲᠡᠭᠲᠦ ᠶᠢ ᠡᠭᠦᠳᠴᠤ᠂ ᠰᠢᠯᠢ ᠶᠢᠨ ᠭᠤᠤᠯ ᠤᠨ ᠬᠤᠨᠢᠨ ᠮᠢᠬ᠎ᠠ᠂ ᠬᠤᠷᠴᠢᠨ ᠤ ᠦᠬᠡᠷ᠂ ᠤᠯᠠᠭᠠᠨᠴᠠᠪ ᠤᠨ ᠲᠦᠮᠦᠰᠦ᠂ ᠬᠢᠩᠭᠠᠨ ᠠᠶᠢᠮᠠᠭ ᠤᠨ ᠲᠤᠳᠤᠷᠭ᠎ᠠ᠂ ᠤᠯᠠᠭᠠᠨᠬᠠᠳᠠ ᠶᠢᠨ ᠨᠠᠷᠢᠮᠤ ᠵᠡᠷᠭᠡ ᠨᠢᠭᠡ ᠪᠦᠯᠦᠭ ᠨᠡᠷ᠎ᠡ ᠴᠤᠤ ᠲᠠᠢ᠂ ᠨᠦᠯᠦᠭᠡᠯᠡᠬᠦ ᠬᠦᠴᠦᠨ ᠲᠠᠢ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠶᠢ ᠪᠤᠢ ᠪᠤᠯᠭᠠᠪᠠ᠃     ᠬᠤᠶᠢᠰᠢᠳᠠ᠂ ᠮᠠᠨ ᠤ ᠤᠷᠤᠨ ᠦᠷᠭᠦᠯᠵᠢᠯᠡᠨ ᠨᠡᠷᠡᠲᠦ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ︽ᠭᠤᠷᠪᠠᠨ ᠦᠢᠯᠡᠳᠬᠦᠨ ᠨᠢᠭᠡ ᠲᠡᠮᠳᠡᠭ︾᠎ ᠢ ᠪᠦᠲᠦᠭᠡᠨ ᠪᠠᠶᠢᠭᠤᠯᠬᠤ᠂ ᠳᠠᠪᠠᠭᠤᠯᠢᠭ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠷᠤᠨ ᠳᠤ ᠮᠦᠷᠳᠡᠯᠭᠡ ᠬᠢᠬᠦ᠂ ᠤᠨᠴᠠ ᠳᠠᠪᠠᠭᠤᠯᠢᠭ ᠤᠷᠤᠨ ᠢ ᠪᠦᠲᠦᠭᠡᠨ ᠪᠠᠶᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠭᠡ ᠶᠢᠨ ᠦᠢᠯᠡᠰ ᠢ ᠬᠦᠭᠵᠢᠭᠦᠯᠬᠦ᠂ ᠪᠤᠬᠢᠷᠳᠤᠯ ᠦᠭᠡᠢ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠲᠡᠬᠦᠨ ᠢ ᠭᠠᠳᠠᠭᠰᠢ ᠭᠠᠷᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠶᠢᠮᠠᠭ ᠬᠤᠲᠠ ᠪᠦᠷᠢ 1᠎ ᠠᠴᠠ 2 ᠤᠷᠤᠨ ᠨᠤᠲᠤᠭ ᠤᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢᠨ ᠴᠢᠨᠠᠷ ᠢ ᠳᠡᠭᠡᠭᠰᠢᠯᠡᠭᠦᠯᠵᠦ᠂ 2020 ᠤᠨ ᠪᠤᠯᠬᠤ ᠳᠤ ᠪᠦᠬᠦ ᠤᠯᠤᠰ ᠲᠤ ᠨᠡᠷ᠎ᠡ ᠴᠤᠤ ᠲᠠᠢ ᠪᠠ ᠨᠦᠯᠦᠭᠡ ᠶᠡᠭᠡ ᠲᠠᠢ ᠦᠪᠦᠷ ᠮᠤᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠲᠡᠬᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠬᠤᠷᠢ ᠭᠠᠷᠤᠢ ᠨᠡᠷᠡᠲᠦ ᠲᠡᠮᠳᠡᠭᠲᠦ ᠶᠢ ᠪᠤᠢ ᠪᠤᠯᠭᠠᠬᠤ ᠪᠠᠷ ᠴᠢᠷᠮᠠᠶᠢᠵᠤ᠂ ᠮᠠᠨ ᠤ ᠤᠷᠤᠨ ᠤ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠲᠡᠬᠦᠨ ᠢ ᠦᠢᠯᠡᠳᠪᠦᠷᠢᠯᠡᠬᠦ ᠡᠳ᠋ᠰᠢᠭᠦᠯᠬᠦ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号