ᠮᠠᠨ ᠤ ᠣᠷᠣᠨ ᠤ ᠮᠥᠩᠭᠦᠨ ᠭᠦᠢᠯᠭᠡᠭᠡᠨ ᠤ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠵᠢᠩᠬᠢᠨᠢ ᠪᠠᠷ ᠨᠠᠶᠢᠳᠠᠪᠤᠷᠢᠵᠢᠭᠳᠠᠪᠠ
ᠨᠡᠶᠢᠲᠡᠯᠡᠭᠰᠡᠨ ᠴᠠᠭ᠄
2019/11/27
     ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ᠂ ᠬᠦᠴᠦᠨ ᠢᠶᠠᠨ ᠬᠠᠮᠲᠤᠳᠬᠠᠵᠤ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢᠳᠡᠪᠬᠢᠲᠡᠢ ᠦᠷ᠎ᠡ ᠪᠦᠲᠦᠮᠵᠢ ᠣᠯᠵᠠᠢ᠃     ᠡᠨᠡ ᠵᠢᠯ ᠠᠴᠠ ᠨᠠᠭᠠᠰᠢ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠᠷ ᠭᠠᠷᠳᠠᠴᠠ ᠪᠣᠯᠭᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠭᠡᠯᠡᠯᠭᠡ ᠣᠯᠬᠤ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠨᠠᠮᠳᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠳᠡᠮᠵᠢᠬᠦ ᠪᠠᠷ ᠭᠤᠤᠯ ᠪᠣᠯᠭᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠴᠢᠰᠤ ᠪᠦᠲᠦᠭᠡᠬᠦ ᠴᠢᠳᠠᠮᠵᠢ ᠶᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠵᠡᠶ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠲᠤᠶᠢᠯ ᠤᠨ ᠣᠨᠣᠪᠴᠢᠲᠠᠶ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ ᠲᠤᠭ᠎ᠠ 1009.55 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠠᠵᠤ ᠦᠢᠯᠡᠰ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ 465.27 ᠳ᠋ᠦᠩᠰᠢᠭᠤᠷ ᠲᠥᠭᠦᠷᠢᠭ︔ ᠬᠤᠪᠢ ᠬᠥᠮᠦᠨ ᠤ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ 154.95 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ 389.34 ᠳ᠋ᠦᠩᠰᠢᠭᠤᠷ ᠲᠥᠭᠦᠷᠢᠭ ᠲᠤ ᠬᠦᠷᠴᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号