ᠯᠢ ᠪᠢᠩ ᠷᠦᠩ ᠬᠦᠭᠡᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠡᠨ ᠨᠢ ᠮᠠᠯ ᠵᠢᠬᠦᠷᠳᠡᠨ ᠤ ᠢᠯᠭᠠᠳᠠᠰᠤᠨ ᠤ ᠪᠤᠬᠢᠷᠳᠦᠯ ᠢ ᠡᠬᠢ ᠪᠠᠶᠠᠯᠢᠬᠵᠢᠭᠤᠯᠤᠨ ᠠᠰᠢᠬᠯᠠᠬᠤ ᠶᠢ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠤ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠠᠬᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2019/11/27
     11 ᠰᠠᠷ᠎ᠡ ᠶᠢᠨ 25᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠬᠦᠭᠡᠬᠤᠳᠠ ᠳᠤ ᠮᠠᠯ ᠵᠢᠬᠦᠷᠳᠡᠨ ᠤ ᠢᠯᠭᠠᠳᠠᠰᠤᠨ ᠤ ᠪᠤᠬᠢᠷᠳᠦᠯ ᠢ ᠡᠬᠢ ᠪᠠᠶᠠᠯᠢᠬᠵᠢᠭᠤᠯᠤᠨ ᠠᠰᠢᠬᠯᠠᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ᠃      ᠯᠢ ᠪᠢᠩ ᠷᠦᠩ ᠪᠧᠨ ᠲᠧᠩ ᠮᠠᠯ ᠠᠵᠤ ᠠᠬᠤᠢ ᠶᠢᠨ ᠱᠤᠸᠠᠩ ᠬᠤᠤ ᠮᠠᠯᠵᠢᠯ ᠤᠨ ᠲᠠᠯᠠᠪᠠᠢ ᠪᠠ ᠢ ᠯᠢ ᠶᠢᠤ ᠷᠠᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠮᠠᠯᠵᠢᠯ ᠤᠨ ᠲᠠᠯᠠᠪᠠᠢ ᠳᠤ ᠬᠦᠷᠴᠤ᠂ ᠲᠤᠬᠠᠢ ᠶᠢᠨ ᠭᠠᠵᠠᠷ ᠲᠤᠨᠢ ᠢᠯᠭᠠᠳᠠᠰᠤᠨ ᠤ ᠪᠤᠬᠢᠷᠳᠦᠯ ᠢ ᠰᠢᠢᠳᠪᠤᠷᠢᠯᠡᠬᠦ ᠲᠦᠬᠦᠭᠡᠷᠤᠮᠵᠢ ᠶᠢ ᠪᠠᠶᠢᠴᠠᠭᠠᠨ ᠦᠵᠡᠵᠤ᠂ ᠢᠯᠭᠠᠳᠠᠰᠤᠨ ᠤ ᠪᠤᠬᠢᠷᠳᠦᠯ ᠢ ᠰᠢᠢᠳᠪᠤᠷᠢᠯᠡᠬᠦ ᠮᠡᠷᠭᠡᠵᠢᠯ ᠤᠨ ᠬᠡᠪ ᠵᠠᠬᠪᠤᠷ ᠪᠤᠯᠤᠨ ᠢᠯᠭᠠᠳᠠᠰᠤᠨ ᠤ ᠪᠤᠷᠳᠤᠭᠤᠷ ᠢ ᠲᠠᠷᠢᠶᠠᠨ ᠳᠤ ᠪᠤᠴᠠᠭᠠᠵᠤ ᠪᠠᠶᠢᠭ᠎ᠠ ᠪᠠᠶᠢᠳᠠᠯ ᠢ ᠨᠠᠷᠢᠨ ᠨᠢᠮᠪᠠᠢ ᠤᠢᠢᠯᠠᠭᠠᠪᠠ᠃      ᠪᠠᠶᠢᠴᠠᠭᠠᠨ ᠰᠤᠳᠤᠯᠤᠯᠳᠠ ᠶᠢᠨ ᠳᠠᠷᠠᠭ᠎ᠠ ᠶᠠᠪᠤᠬᠳᠠᠬᠰᠠᠨ ᠶᠠᠷᠢᠯᠴᠠᠬᠤ ᠬᠤᠷᠠᠯ ᠲᠡᠭᠡᠷ᠎ᠡ᠂ ᠯᠢ ᠪᠢᠩ ᠷᠦᠩ ᠬᠦᠭᠡᠬᠤᠳᠠ ᠶᠢᠨ ᠮᠠᠯ ᠵᠢᠬᠦᠷᠳᠡᠨ ᠤ ᠢᠯᠭᠠᠳᠠᠰᠤᠨ ᠤ ᠪᠤᠬᠢᠷᠳᠦᠯ ᠢ ᠡᠬᠢ ᠪᠠᠶᠠᠯᠢᠬᠵᠢᠭᠤᠯᠤᠨ ᠠᠰᠢᠬᠯᠠᠬᠤ ᠠᠵᠢᠯ ᠎ ᠤᠨ ᠲᠤᠬᠠᠢ ᠬᠠᠷᠢᠭᠤ ᠮᠡᠳᠡᠬᠦᠯᠦᠯᠳᠠ ᠶᠢ ᠰᠤᠨᠤᠰᠴᠤ᠂ ᠭᠡᠰᠡᠭ ᠲᠡᠵᠢᠭᠡᠨ ᠦᠷᠡᠵᠢᠬᠦᠯᠬᠦ ᠠᠵᠤ ᠠᠬᠤᠢᠢᠯᠠᠯ ᠤᠨ ᠬᠠᠷᠢᠭᠤᠴᠠᠯᠭᠠᠳᠠᠨ ᠲᠠᠢ ᠶᠠᠷᠢᠯᠴᠠᠪᠠ᠃ ᠯᠢ ᠪᠢᠩ ᠷᠦᠩ᠂ ᠮᠠᠯ ᠵᠢᠬᠦᠷᠳᠡᠨ ᠤ ᠢᠯᠭᠠᠳᠠᠰᠤ ᠶᠢ ᠡᠬᠢ ᠪᠠᠶᠠᠯᠢᠬᠵᠢᠭᠤᠯᠤᠨ ᠠᠰᠢᠬᠯᠠᠬᠤ ᠠᠵᠢᠯ ᠢ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠤ᠂ ᠲᠠᠯᠠᠪᠠᠢ ᠳᠤ ᠲᠤᠬᠢᠷᠠᠭᠤᠯᠤᠨ ᠠᠷᠭ᠎ᠠ ᠪᠤᠳᠤᠯᠭ᠎ᠠ ᠭᠡᠷᠡᠭᠵᠢᠬᠦᠯᠵᠤ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠤ ᠲᠤᠬᠢᠷᠠᠬᠤ ᠢᠯᠭᠠᠳᠠᠰᠤᠨ ᠤ ᠪᠤᠬᠢᠷᠳᠦᠯ ᠢ ᠡᠬᠢ ᠪᠠᠶᠠᠯᠢᠬᠵᠢᠭᠤᠯᠤᠨ ᠠᠰᠢᠬᠯᠠᠬᠤ ᠮᠡᠷᠭᠡᠵᠢᠯ ᠤᠨ ᠬᠡᠪ ᠵᠠᠬᠪᠤᠷ ᠢ ᠵᠤᠬᠢᠰᠳᠠᠢ ᠰᠤᠩᠭᠤᠵᠤ᠂ ᠡᠬᠢ ᠪᠠᠶᠠᠯᠢᠬᠵᠢᠭᠤᠯᠤᠨ ᠠᠰᠢᠬᠯᠠᠵᠤ᠂ ᠲᠡᠷᠢᠵᠤ ᠲᠠᠵᠢᠭᠡᠬᠦ ᠤᠷᠴᠢᠯ ᠬᠦᠭᠵᠢᠯᠳᠠ ᠶᠢ ᠪᠡᠶᠡᠯᠡᠬᠦᠯᠬᠦ ᠭᠡᠷᠡᠭᠳᠠᠢ᠃ ᠤᠳᠤᠬᠢ ᠲᠡᠮᠵᠢᠯᠭᠡ ᠲᠦᠷᠦ ᠶᠢᠨ ᠪᠤᠳᠤᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠬᠦᠯᠬᠦ ᠠᠵᠤ ᠠᠬᠤᠢᠢᠯᠠᠯ ᠤᠨ ᠪᠡᠯᠡ ᠤᠷᠤᠭᠤᠯᠤᠯᠳᠠ ᠪᠠᠨ ᠨᠡᠮᠡᠭᠳᠡᠬᠦᠯᠬᠦ ᠶᠢ ᠬᠦᠳᠤᠯᠤᠨ ᠲᠠᠭᠠᠭᠤᠯᠬᠤ ᠪᠠ ᠤᠷᠮᠠᠰᠢᠭᠤᠯᠤᠨ ᠵᠤᠷᠢᠬᠵᠢᠭᠤᠯᠵᠤ᠂ ᠢᠯᠭᠠᠳᠠᠰᠤᠨ ᠤ ᠪᠤᠬᠢᠷᠳᠦᠯ ᠢ ᠡᠬᠢ ᠪᠠᠶᠠᠯᠢᠬᠵᠢᠭᠤᠯᠤᠨ ᠠᠰᠢᠬᠯᠠᠬᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠪᠠ ᠡᠵᠡᠩᠨᠡᠯᠳᠠ ᠶᠢᠨ ᠬᠡᠪ ᠵᠠᠬᠪᠤᠷ ᠤᠨ ᠰᠢᠨ᠎ᠡ ᠶᠢ ᠡᠬᠦᠳᠬᠦ ᠭᠡᠷᠡᠭᠳᠠᠢ᠃ ᠲᠡᠵᠢᠭᠡᠨ ᠦᠷᠡᠵᠢᠬᠦᠯᠬᠦ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠵᠢᠯᠤᠭᠤᠳᠤᠯᠭ᠎ᠠ ᠪᠠ ᠬᠢᠨᠠᠯᠳᠠ ᠬᠠᠮᠢᠶᠡᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠎ ᠤᠨ ᠠᠵᠢᠯ ᠤᠨ ᠠᠮᠵᠢᠯᠳᠠ ᠶᠢ ᠰᠢᠯᠭᠠᠨ ᠪᠠᠶᠢᠴᠠᠭᠠᠵᠤ ᠦᠨᠡᠯᠡᠬᠦ ᠲᠤᠬᠳᠠᠴᠠ ᠶᠢ ᠪᠠᠶᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠲᠡᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠦᠭᠵᠢᠬᠦᠯᠵᠤ᠂ ᠮᠠᠯ ᠠᠵᠤ ᠠᠬᠤᠢ ᠶᠢᠨ ᠡᠷᠡᠬᠦᠯ ᠢᠶᠠᠷ ᠦᠷᠬᠦᠯᠵᠢᠯᠡᠨ ᠬᠦᠭᠵᠢᠬᠦ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号