ᠥᠪᠡᠷᠲᠡᠭᠡᠨ ᠵᠠᠰᠠᠬᠤ ᠤᠷᠤᠨ ᠤ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠦ ᠴᠡᠭᠴᠡᠯᠨᠨ ᠵᠠᠰᠠᠬᠤ ᠠᠵᠢᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019/11/27
     11 ᠰᠠᠷ᠎ᠠ ᠶᠢᠨ 26᠎ ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠦᠨ ᠤ ᠰᠤᠨᠢᠨ ᠮᠡᠳᠡᠭᠡᠨ ᠤ ᠠᠯᠪᠠᠨ ᠭᠡᠷ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠦ ᠴᠡᠭᠴᠡᠯᠨᠨ ᠵᠠᠰᠠᠬᠤ ᠠᠵᠢᠯ ᠎ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠦᠮᠦᠵᠢᠯ ᠤᠨ  ᠤᠳᠤᠷᠢᠳᠬᠤ ᠳᠤᠭᠤᠢᠢᠯᠠᠩ ᠤᠨ ᠠᠯᠪᠠᠨ ᠭᠡᠷ ᠭᠤᠤᠯ ᠰᠡᠳᠦᠪᠲᠦ ᠬᠦᠮᠦᠵᠢᠯ ᠤᠨ ᠦᠩᠭᠡᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠪᠠ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠣᠭᠰᠠᠨ ᠶᠠᠪᠣᠳᠠᠯ ᠢ ᠦᠯᠦ ᠬᠠᠶᠢᠬᠤᠷᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠠᠢ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠨᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶ᠎ᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ᠂ ᠲᠥᠪ ᠤᠨ ᠲᠣᠭᠤᠷᠢᠨ ᠪᠠᠶᠢᠴᠠᠭᠠᠵᠣ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠵᠢᠯᠤᠭᠤᠳᠬᠤ ᠳᠠᠭᠠᠨ ᠬᠠᠷᠢᠭᠤ ᠲᠤᠰᠬᠠᠭᠰᠠᠨ ᠠᠰᠠᠭᠤᠳᠠᠯ᠂ ᠺᠠᠳ᠋ᠷ ᠎ ᠤᠨ ᠡᠩᠨᠡᠭᠡ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠳᠠ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠦᠨ᠂ ᠴᠡᠭᠴᠡᠯᠡᠨ ᠰᠠᠶᠢᠵᠢᠷᠠᠭᠤᠯᠵᠦ ᠴᠡᠭᠴᠡᠯᠨᠨ ᠵᠠᠰᠠᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠠᠢ᠃ ᠣᠳᠣᠬᠠᠨ ᠪᠤᠯᠳᠠᠯ᠎ᠠ᠂ ᠨᠢᠭᠡᠳᠦᠭᠡᠷ ᠪᠦᠯᠦᠭ ᠤᠨ ᠨᠢᠭᠡᠴᠢ ᠶᠢᠨ ᠦᠩᠭᠡᠨ ᠲᠠᠯ᠎ᠠ ᠶᠢᠨ ᠰᠢᠢᠳᠪᠦᠷᠢᠯᠡᠬᠦ ᠴᠢᠬᠤᠯᠠᠳᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠣ ᠰᠢᠢᠳᠪᠤᠷᠢᠯᠡᠭᠰᠡᠨ ᠨᠤᠷᠮ᠎ᠠ 91%᠎ ᠳᠤ ᠬᠦᠷᠴᠠᠢ᠃ ᠬᠤᠶᠠᠳᠤᠭᠠᠷ ᠪᠦᠯᠦᠭ ᠤᠨ ᠨᠢᠭᠡᠴᠢ ᠨᠡᠶᠢᠲᠡ 2.19 ᠲᠦᠮᠡᠨ ᠬᠤᠪᠢ ︵ᠤᠳᠠᠭ᠎ᠠ︶ ᠠᠰᠠᠭᠤᠳᠠᠯ ᠢ ᠪᠠᠶᠢᠴᠠᠭᠠᠨ ᠳᠡᠯᠭᠡᠵᠦ᠂ 1.33 ᠲᠦᠮᠡᠨ ᠬᠤᠪᠢ ︵ᠤᠳᠠᠭ᠎ᠠ︶ ᠠᠰᠠᠭᠤᠳᠠᠯ ᠎ ᠢ ᠨᠢᠬᠡᠨᠲᠡ ᠴᠡᠭᠴᠡᠯᠡᠨ ᠰᠠᠶᠢᠵᠢᠷᠠᠭᠤᠯᠵᠦ ᠰᠢᠢᠳᠪᠦᠷᠢᠯᠡᠨ ᠳᠠᠭᠤᠰᠬᠠᠵᠣ᠂ ᠨᠢᠭᠡ ᠪᠦᠯᠦᠭ ᠦᠨᠳᠦᠰᠦᠨ ᠱᠠᠲᠤᠨ ᠤ ᠣᠯᠠᠨ ᠲᠦᠮᠡᠨ ᠲᠠᠢ ᠬᠤᠯᠪᠣᠭᠳᠠᠭᠰᠠᠨ ᠪᠣᠳᠠᠲᠠᠢ ᠠᠰᠠᠭᠤᠳᠠᠯ ᠪᠦᠲᠦᠮᠵᠢᠲᠡᠢ ᠰᠢᠢᠳᠪᠦᠷᠢᠯᠡᠭᠳᠠᠪᠡ᠃      ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠣᠭᠰᠠᠨ ᠶᠠᠪᠣᠳᠠᠯ ᠢ ᠦᠯᠦ ᠬᠠᠶᠢᠬᠤᠷᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠶᠠᠳᠠᠭᠤ ᠶᠢ ᠲᠡᠳᠭᠦᠬᠦ ᠬᠦᠷᠢᠶᠡᠨ ᠳᠠᠬᠢ ᠢᠯᠵᠢᠷᠠᠯ ᠪᠠ ᠰᠤᠷᠲᠠᠯ ᠤᠨ ᠠᠰᠠᠭᠤᠳᠠᠯ᠂ ᠰᠤᠷᠭᠠᠨ ᠬᠥᠮᠦᠵᠢᠯ ᠡᠮ ᠡᠮᠨᠡᠯᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ᠂ ᠣᠯᠠᠨ ᠲᠦᠮᠡᠨ ᠤ ᠳᠡᠷᠭᠡᠳᠡ ᠡᠬᠦᠰᠦᠭᠰᠡᠨ ᠲᠥᠪ ᠪᠤᠰᠤ ᠰᠤᠷᠲᠠᠯ ᠪᠠ ︽ᠪᠢᠴᠢᠯ ᠢᠯᠵᠢᠷᠡᠯ︾᠎ ᠤᠨ ᠠᠰᠠᠭᠤᠳᠠᠯ᠂ ᠬᠠᠭᠤᠷᠮᠠᠭ ᠳᠤᠭ᠎ᠠ ᠪᠦᠷᠢᠳᠭᠡᠯ ᠤᠨ ᠠᠰᠠᠭᠤᠳᠠᠯ ᠵᠡᠷᠭᠡ ᠳᠣᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠳᠣᠷᠠᠬᠢ ᠣᠯᠠᠨ ᠲᠦᠮᠡᠨ ᠤ ᠲᠤᠰᠬᠠᠯ ᠴᠢᠩᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠳᠠ ᠰᠢᠪᠳᠣᠯᠬᠤ ᠠᠵᠢᠯ ᠎ ᠤᠨ ᠡᠷᠴᠢᠮ ᠢᠶᠠᠨ ᠴᠢᠩᠭᠠᠷᠠᠭᠤᠯᠵᠣ᠂ ᠡᠬᠦᠳᠠ ᠪᠠᠨ ᠨᠡᠭᠡᠭᠡᠵᠦ ᠴᠡᠭᠴᠡᠯᠡᠨ ᠵᠠᠰᠠᠬᠤ ᠶᠢ ᠪᠠᠷᠢᠮᠳᠡᠯᠡᠵᠦ᠂ ᠤᠯᠠᠨ ᠲᠦᠮᠡᠨ ᠤ ᠨᠢᠭᠡ ᠪᠦᠯᠦᠭ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠨ ᠦᠭᠴᠦ᠂ ᠱᠠᠲᠦᠴᠢ ᠴᠢᠨᠠᠷᠲᠠᠢ ᠦᠷ᠎ᠡ ᠪᠦᠲᠦᠮᠵᠢ ᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号