ᠦᠢᠷ᠎ᠠ ᠳᠤ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠵᠦᠪᠯᠡᠯ ᠤᠨ | ᠨᠡᠶᠢᠲᠡᠯᠡᠭᠰᠡᠨ ᠰᠢᠨ᠎ᠡ ᠪᠠᠷ ᠵᠦᠪᠰᠢᠶᠡᠷᠡᠭᠳᠡᠭᠰᠡᠨ 55 ᠵᠦᠢᠯ ᠤᠨ ᠤᠯᠠᠨ ᠤᠯᠤᠰ ᠤᠨ ᠬᠠᠮᠲᠤᠷᠠᠯᠴᠠᠭᠠᠨ ᠤ | ᠰᠤᠳᠤᠯᠭᠠᠨ ᠤ ᠲᠦᠷᠦᠯ ᠵᠦᠢᠯ ᠳᠤ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠶᠤᠴᠢᠯᠡᠨ | ᠮᠡᠳᠡᠭᠦᠯᠦᠭᠰᠡᠨ ᠳᠤᠮᠳᠠᠳᠤ ᠮᠤᠩᠭᠤᠯ ᠤᠨ ᠬᠠᠮᠲᠤᠷᠠᠯᠴᠠᠭᠠᠨ ᠤ ᠲᠤᠬᠠᠢ ᠨᠢᠭᠡ ᠲᠦᠷᠦᠯ ᠵᠦᠢᠯ ᠪᠠ ᠦᠪᠦᠷ | ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠤᠶᠤᠴᠢᠯᠡᠨ ᠮᠡᠳᠡᠭᠦᠯᠦᠭᠰᠡᠨ ᠳᠤᠮᠳᠠᠳᠤ ᠮᠤᠩᠭᠤᠯ ᠤᠨ | ᠬᠠᠮᠲᠤᠷᠠᠯᠴᠠᠭᠠᠨ ᠤ ᠲᠤᠬᠠᠢ ᠨᠢᠭᠡ ᠲᠦᠷᠦᠯ ᠵᠦᠢᠯ ᠨᠢ ᠨᠡᠷᠡᠰ ᠤᠨ ᠵᠢᠭᠰᠠᠭᠠᠯ ᠳᠤ ᠲᠤᠳᠤᠷᠠᠪᠠ᠃ | ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠵᠦᠪᠯᠡᠯ ᠤᠨ ᠠᠯᠪᠠᠨ | ᠰᠦᠯᠵᠢᠶ᠎ᠡ ᠠᠴᠠ ᠦᠵᠡᠪᠡᠯ᠂ ᠡᠨᠡ ᠨᠢ 2019 ᠤᠨ ᠳᠤ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠦᠩᠭᠦᠨ ᠤ ᠵᠦᠪᠯᠡᠯ ᠮᠤᠩᠭᠤᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ | ᠮᠦᠩᠭᠦᠨ ᠤ ᠨᠡᠶᠢᠭᠡᠮᠯᠢᠭ ᠲᠠᠢ ᠬᠠᠮᠲᠤ ᠳᠡᠯᠡᠬᠡᠢ ᠶᠢᠨ ᠪᠦᠮᠪᠦᠷᠴᠡᠭ ᠤᠨ ᠰᠢᠨᠵᠢᠯᠡᠬᠦ ᠤᠬᠠᠭᠠᠨ᠂ ᠮᠠᠯ ᠠᠵᠤ | ᠠᠬᠤᠢ ᠶᠢᠨ ᠤᠬᠠᠭᠠᠨ ᠵᠡᠷᠭᠡ ᠬᠤᠶᠠᠷ ᠬᠦᠷᠢᠶᠡᠨ ᠳᠤ ᠲᠡᠳᠭᠦᠨ ᠲᠤᠰᠠᠯᠠᠬᠤ ᠬᠠᠮᠲᠤᠷᠠᠯᠴᠠᠭ᠎ᠠ ᠬᠢᠭᠰᠡᠨ ᠲᠤᠬᠠᠢ | ᠰᠤᠳᠤᠯᠭᠠᠨ ᠤ ᠲᠦᠷᠦᠯ ᠵᠦᠢᠯ ᠪᠤᠯᠤᠨ᠎ᠠ᠃ ᠢᠯᠡ ᠪᠠᠷ ᠴᠤᠭᠯᠠᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠬᠢᠨᠠᠬᠤ | ᠵᠢᠴᠢ ᠬᠤᠶᠠᠷ ᠲᠠᠯ᠎ᠠ ᠶᠢᠨ ᠪᠠᠶᠢᠭᠤᠯᠤᠮᠵᠢ ᠬᠠᠮᠲᠤ ᠪᠠᠷ ᠵᠦᠪᠳᠡᠯᠴᠡᠬᠦ ᠪᠠᠷ ᠳᠠᠮᠵᠢᠨ᠂ ᠨᠡᠶᠢᠲᠡ 5 ᠲᠦᠷᠦᠯ ᠵᠦᠢᠯ | ᠵᠦᠪᠰᠢᠶᠡᠷᠡᠭᠳᠡᠪᠡ᠂ ᠡᠭᠦᠨ ᠳᠤ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠩᠯᠠᠢ ᠶᠢᠨ | ᠭᠤᠶᠤᠴᠢᠯᠡᠨ ᠮᠡᠳᠡᠭᠦᠯᠦᠭᠰᠡᠨ ︽ᠰᠦᠷᠦᠭᠯᠡᠯ ᠤᠨ ᠳᠠᠬᠢᠨ ᠰᠢᠯᠭᠠᠨ ᠬᠡᠮᠵᠢᠬᠦ ᠮᠡᠷᠭᠡᠵᠢᠯ ᠳᠤ ᠰᠠᠭᠤᠷᠢᠯᠠᠨ ᠨᠢᠭᠡ | ᠪᠦᠰᠡ ᠨᠢᠭᠡ ᠵᠠᠮ ᠳᠠᠭᠠᠤ ᠶᠢᠨ ᠤᠯᠤᠰ ᠤᠨ ᠠᠳᠤᠭᠤᠨ ᠤ ᠲᠦᠷᠦᠯ ᠤᠨ ᠬᠤᠪᠢᠰᠦᠯ ᠵᠢᠴᠢ ᠭᠤᠤᠯ ᠰᠢᠨᠵᠢ | ᠲᠦᠯᠦᠪ ᠤᠨ ᠬᠠᠮᠢᠶ᠎ᠠ ᠪᠦᠬᠦᠢ ᠭᠧᠨ ᠢ ᠰᠢᠯᠢᠨ ᠰᠤᠩᠭᠤᠬᠤ ᠲᠤᠬᠠᠢ ᠰᠤᠳᠤᠯᠭᠠᠨ︾ ᠪᠠ ᠦᠪᠦᠷ ᠮᠤᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠪᠣᠣ ᠢᠦᠢ ᠬᠠᠢ ᠶᠢᠨ ᠭᠤᠶᠤᠴᠢᠯᠡᠨ ᠮᠡᠳᠡᠭᠦᠯᠦᠭᠰᠡᠨ ︽ᠠᠭᠤᠷ | ᠠᠮᠢᠰᠬᠤᠯ ᠤᠨ ᠬᠤᠪᠢᠷᠠᠯᠲᠠ ᠶᠢᠨ ᠠᠬᠤᠢ ᠪᠠᠶᠢᠳᠠᠯ ᠳᠤᠤᠷᠠᠬᠢ ᠮᠤᠩᠭᠤᠯ ᠤᠨ ᠦᠨᠳᠦᠷᠯᠢᠭ ᠤᠨ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ︾ ᠵᠡᠷᠭᠡ ᠬᠤᠶᠠᠷ ᠲᠦᠷᠦᠯ ᠵᠦᠢᠯ ᠪᠠᠭᠲᠠᠨ᠎ᠠ᠃ ᠤᠶᠢᠯᠠᠭᠠᠭᠰᠠᠨ ᠢᠶᠠᠷ᠂ ᠡᠨᠡ | ᠬᠤᠶᠠᠷ ᠲᠦᠷᠦᠯ ᠵᠦᠢᠯ ᠢ 2020 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠤᠨ ᠤ 12 | ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ ᠭᠤᠷᠪᠠᠨ ᠵᠢᠯ ᠤᠨ ᠬᠤᠭᠤᠴᠠᠭᠠᠨ ᠳᠤ ᠪᠡᠶᠡᠯᠡᠭᠦᠯᠦᠨ᠎ᠡ᠃ | |