ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠪᠡ ᠨᠠᠰᠤᠨᠮᠦ᠋ᠡᠭᠭᠡ ᠸᠠᠩ ᠪᠦᠸᠧ ᠡᠤ ᠲᠤᠸᠠᠨ ᠶᠢᠩ ᠯᠢ ᠷᠦᠡᠭ ᠰᠢ ᠾᠧ ᠶᠠᠨ ᠯᠢᠩ ᠬᠤᠷᠠᠯ ᠳᠤ ᠤᠷᠤᠯᠴᠠᠵᠤ ᠯᠢᠶᠠᠨ ᠰᠤ᠋ ᠬᠤᠷᠠᠯ ᠢ ᠡᠷᠬᠢᠯᠡᠨ ᠵᠸᠡᠭ ᠬᠤᠨᠭ᠌ ᠹᠠᠨ ᠥᠬᠡ ᠬᠡᠯᠡᠵᠠᠢ
ᠨᠡᠶᠢᠲᠡᠯᠡᠭᠰᠡᠨ ᠴᠠᠭ᠄
2019/11/28
     11 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠲᠤᠭᠤᠢᠢᠯᠠᠩ ᠬᠠᠮᠳᠤᠷᠠᠬᠰᠠᠨ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠰᠡᠨ ᠠᠵᠢᠯ ᠳᠤ ᠦᠨᠠᠯᠠᠯᠳᠠ ᠬᠢᠭᠰᠡᠨ ᠪᠦᠭᠡᠳ ᠬᠠᠨᠤᠮᠵᠢ ᠶᠢᠨ ᠬᠡᠮᠵᠢᠶ᠎ᠠ ᠶᠢ ᠦᠨᠡᠯᠡᠪᠡ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠬᠤᠷᠠᠯ ᠳᠤ ᠤᠷᠤᠯᠴᠠᠵᠦ᠂ ᠲᠡᠳ᠋ ᠡᠷᠬᠢᠯᠡᠭᠴᠢ ᠯᠢᠶᠠᠨ ᠰᠤ᠋ ᠬᠤᠷᠠᠯ ᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ ᠤᠪᠤᠷ ᠢᠶᠠᠨ ᠢᠯᠡᠳᠭᠡᠭᠦ ᠦᠭᠡ ᠬᠡᠯᠡᠵᠦ᠂ ᠭᠡᠰᠡᠭ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ ᠪᠠ ᠦᠪᠡᠷᠳᠡᠭᠡᠨ ᠵᠠᠰᠠᠬᠤ ᠤᠷᠤᠨ ᠎ ᠤ ᠰᠤᠷᠭᠠᠨ ᠬᠦᠮᠦᠵᠢᠯ ᠤᠨ ᠲᠢᠩᠭᠢᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃      ᠲᠤᠭᠤᠢᠢᠯᠠᠩ ᠬᠠᠮᠳᠤᠷᠠᠬᠰᠠᠨ ᠬᠤᠷᠠᠯ ᠲᠡᠭᠡᠷ᠎ᠠ᠂ 7 ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠡᠰᠢᠭᠦᠨ ᠪᠠ ᠦᠪᠡᠷᠳᠡᠭᠡᠨ ᠵᠠᠰᠠᠬᠤ ᠤᠷᠤᠨ ᠎ ᠤ ᠠᠷᠠᠳ ᠤᠨ ᠲᠦᠯᠦᠭᠡᠯᠡᠭᠴᠢ ᠰᠤᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠳᠠ᠂ ᠰᠤᠷᠭᠠᠭᠤᠯᠢ ᠶᠢᠨ ᠨᠠᠰᠤᠨ ᠠᠴᠠ ᠡᠮᠦᠨᠡᠭᠢ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠳᠠ᠂ ᠰᠤᠷᠤᠬᠴᠢ ᠶᠢᠨ ᠰᠡᠳᠭᠢᠴᠡ ᠶᠢᠨ ᠡᠷᠡᠭᠦᠯ ᠮᠡᠨᠳᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠳᠠ ᠪᠠ ᠬᠠᠤᠯᠢ ᠲᠦᠷᠢᠮ ᠤᠨ ᠬᠦᠮᠦᠵᠢᠯ ᠤᠨ ᠠᠵᠢᠯ ᠵᠡᠷᠭᠡ ᠠᠰᠠᠭᠤᠳᠠᠯ ᠢ ᠠᠰᠠᠭᠤᠨ ᠯᠠᠪᠯᠠᠪᠠ᠃ ᠰᠤᠷᠭᠠᠨ ᠬᠦᠮᠦᠵᠢᠯ ᠤᠨ ᠲᠢᠩᠭᠢᠮ ᠤᠨ ᠬᠠᠮᠢᠶ᠎ᠠ ᠪᠦᠭᠦᠢ ᠬᠠᠷᠢᠭᠤᠴᠠᠯᠭᠠᠳᠠᠨ ᠤ ᠬᠠᠷᠢᠭᠤᠯᠬᠤ ᠶᠢ ᠰᠤᠨᠤᠰᠤᠬᠰᠠᠨ ᠤ ᠲᠠᠷᠠᠭ᠎ᠠ᠂ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠨᠠᠷ ᠪᠠ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠰᠤᠷᠭᠠᠨ ᠬᠦᠮᠦᠵᠢᠯ ᠤᠨ ᠲᠢᠩᠭᠢᠮ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠰᠡᠨ ᠠᠵᠢᠯ ᠤᠨ ᠬᠠᠨᠤᠮᠵᠢ ᠶᠢᠨ ᠬᠡᠮᠵᠢᠶ᠎ᠠ ᠶᠢ ᠦᠨᠡᠯᠡᠵᠦ᠂ ᠦᠨᠡᠯᠡᠭᠰᠡᠨ ᠦᠷ᠎ᠡ ᠳ᠋ᠦᠩ ᠨᠢ ᠬᠠᠨᠤᠮᠵᠢᠳᠠᠢ ᠪᠤᠯᠪᠠ᠃      ᠵᠸᠡᠭ ᠬᠤᠨᠭ᠌ ᠹᠠᠨ ᠤᠪᠤᠷ ᠢᠶᠠᠨ ᠢᠯᠡᠳᠭᠡᠭᠦ ᠦᠭᠡ ᠬᠡᠯᠡᠭᠦ ᠳᠡᠭᠡᠨ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠵᠠᠰᠠᠬ ᠤᠨ ᠤᠷᠳᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠢᠨᠠᠨ ᠵᠦᠪᠯᠡᠭᠰᠡᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠦ᠂ ᠰᠤᠷᠭᠠᠨ ᠬᠦᠮᠦᠵᠢᠯ ᠤᠨ ᠦᠢᠯᠡᠰ ᠢ ᠤᠷᠢᠳ ᠢᠶᠠᠷ ᠬᠦᠭᠵᠢᠭᠦᠯᠭᠦ ᠶᠢ ᠡᠯ᠎ᠠ ᠵᠦᠢᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠤᠯᠭᠠᠵᠦ᠂ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠦᠷᠭᠦᠯᠵᠢᠯᠠᠨ ᠠᠬᠢᠭᠤᠯᠵᠦ᠂ ᠰᠤᠷᠭᠠᠨ ᠬᠦᠮᠦᠵᠢᠯ ᠤᠨ ᠲᠤᠳᠠᠭᠤᠳᠠᠯ ᠢ ᠶᠡᠭᠡᠪᠡᠷ ᠨᠦᠭᠦᠪᠦᠷᠢᠯᠡᠵᠦ᠂ ᠡᠯ᠎ᠠ ᠱᠠᠳᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠤᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠵᠦ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠤᠷᠭᠠᠨ ᠬᠦᠮᠦᠵᠢᠯ ᠢ ᠡᠷᠬᠢᠯᠡᠭᠦ ᠪᠠᠷ ᠴᠢᠷᠮᠠᠶᠢᠨ᠎ᠠ ᠭᠡᠵᠦ ᠢᠯᠡᠷᠭᠡᠶᠢᠯᠡᠪᠡ᠃      ᠬᠤᠷᠠᠯ ᠠᠴᠠ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ ᠰᠢᠢᠳᠪᠤᠷᠢᠯᠡᠭᠦ ᠪᠤᠯ ᠲᠦᠯᠦᠭᠡᠯᠡᠭᠴᠢᠳ ᠎ ᠤᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠭᠦ ᠶᠢ ᠪᠠᠳᠤᠯᠠᠬᠤ ᠴᠢᠬᠤᠯᠠ ᠠᠭᠤᠯᠭ᠎ᠠ ᠪᠣᠯᠣᠨ᠎ᠠ᠃ ᠡᠨᠡ ᠤᠳᠠᠭ᠎ᠠ ᠶᠢᠨ ᠦᠨᠡᠯᠡᠯᠳᠡ ᠪᠠᠷ ᠰᠢᠨ᠎ᠠ ᠭᠠᠷᠤᠭ᠎ᠠ ᠪᠤᠯᠭᠠᠵᠦ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠠᠵᠢᠯ ᠢ ᠨᠡᠩ ᠴᠢᠬᠤᠯᠠᠴᠢᠯᠠᠨ ᠦᠵᠡᠵᠦ᠂ ᠤᠯᠠᠨ ᠲᠦᠮᠡᠨ ᠪᠠ ᠲᠦᠯᠦᠭᠡᠯᠡᠭᠴᠢ ᠶᠢᠨ ᠠᠩᠬᠠᠷᠤᠨ ᠬᠠᠯᠠᠮᠵᠢᠯᠠᠵᠦ ᠪᠠᠶᠢᠭ᠎ᠠ ᠬᠠᠯᠠᠮᠰᠢᠯ ᠠᠰᠠᠭᠤᠳᠠᠯ ᠬᠦᠴᠢᠷᠳᠠᠢ ᠠᠰᠠᠭᠤᠳᠠᠯ ᠢ ᠰᠠᠶᠢᠳᠤᠷ ᠰᠢᠢᠳᠪᠤᠷᠢᠯᠡᠵᠦ᠂ ᠲᠦᠯᠦᠭᠡᠯᠡᠭᠴᠢ ᠲᠠᠢ ᠢᠯᠡᠭᠦᠭᠡᠨ ᠬᠠᠷᠢᠯᠴᠠᠵᠦ᠂ ᠢᠯᠡᠭᠦᠭᠡᠨ ᠤᠢᠢᠯᠠᠭᠠᠯᠴᠠᠵᠦ᠂ ᠵᠦᠷᠢᠶ᠎ᠠ ᠪᠠᠨ ᠬᠢᠨᠠᠮᠠᠭᠠᠢ ᠡᠷᠢᠵᠦ᠂ ᠨᠠᠶᠢᠳᠠᠪᠤᠷᠢᠵᠢᠭᠤᠯᠬᠤ ᠶᠢ ᠬᠢᠨᠠᠮᠠᠭᠠᠢ ᠠᠳᠬᠤᠵᠦ᠂ ᠰᠢᠢᠳᠪᠤᠷᠢᠯᠡᠭᠦ ᠠᠵᠢᠯ ᠤᠨ ᠭᠤᠤᠯᠳᠠᠯᠭ᠎ᠠ ᠪᠠᠨ ᠪᠤᠳᠠᠳᠠᠢ ᠠᠰᠠᠭᠤᠳᠠᠯ ᠢ ᠰᠢᠢᠳᠪᠤᠷᠢᠯᠡᠭᠦ ᠶᠢ ᠠᠬᠢᠭᠤᠯᠬᠤ ᠲᠡᠭᠡᠷ᠎ᠠ ᠲᠠᠯᠪᠢᠵᠦ᠂ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ︽ᠨᠠᠶᠢᠳᠠᠪᠤᠷᠢᠵᠢᠭᠤᠯᠬᠤ ᠬᠡᠮᠵᠢᠶ᠎ᠡ︾ ᠪᠠ ︽ᠬᠠᠨᠤᠮᠵᠢ ᠶᠢᠨ ᠬᠡᠮᠵᠢᠶ᠎ᠡ︾᠎ ᠶᠢ ᠴᠢᠷᠮᠠᠶᠢᠨ ᠲᠡᠭᠡᠭᠰᠢᠯᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号