ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ 5G ᠮᠡᠷᠭᠡᠵᠢᠯ ᠢ ᠠᠰᠢᠭᠯᠠᠨ ᠡᠮᠨᠡᠯᠭᠡ ᠳᠤ ᠣᠷᠣᠬᠤ ᠠᠴᠠ ᠡᠮᠦᠨᠡᠬᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2019/11/4
    ᠣᠶᠢᠷ᠎ᠠ ᠶᠢᠨ ᠡᠳᠦᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠠᠪᠤᠴᠠ ᠳᠠᠬᠢ 5G ᠮᠡᠷᠭᠡᠵᠢᠯ ᠤᠨ ᠯᠤᠲᠤ ᠶᠡᠭᠡ ᠦᠢᠯᠡᠳᠦᠯ ᠪᠠ ᠳᠠᠪᠠᠭᠤᠯᠢᠭ ᠴᠢᠨᠠᠷ ᠢ ᠳᠡᠯᠭᠡᠨ ᠦᠵᠡᠭᠦᠯᠵᠦ᠂ ᠡᠮᠨᠡᠯᠭᠡ ᠳᠤ ᠣᠷᠣᠬᠤ ᠠᠴᠠ ᠡᠮᠦᠨᠡᠬᠢ ᠪᠠ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠵᠠᠪᠰᠠᠷ ᠥᠬᠡᠶ ᠵᠣᠯᠭᠠᠯᠴᠠᠭ᠎ᠠ ᠶᠢ ᠪᠡᠶᠡᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ 5G ᠡᠮᠨᠡᠯᠭᠡ ᠳᠤ ᠣᠷᠣᠬᠤ ᠠᠴᠠ ᠡᠮᠦᠨᠡᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠬᠢᠪᠡ᠃      ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠳᠤ 5G ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠡᠷᠭᠡᠨ ᠤ ᠠᠪᠤᠷᠠᠨ ᠲᠤᠰᠠᠯᠠᠬᠤ ᠪᠠᠶᠢᠳᠠᠯ ᠢ ᠳᠠᠭᠤᠷᠢᠶᠠᠵᠤ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠤ ᠡᠮᠨᠡᠯᠭᠡ ᠳᠤ ᠣᠷᠣᠬᠤ ᠠᠴᠠ ᠡᠮᠦᠨᠡᠬᠢ ᠠᠪᠤᠷᠠᠨ ᠡᠮᠨᠡᠬᠦ ᠴᠠᠭ ᠢ ᠶᠡᠭᠡ ᠪᠠᠷ ᠪᠣᠭᠤᠨᠢᠰᠬᠠᠵᠤ᠂ ᠡᠮᠨᠡᠯᠭᠡ ᠶᠢᠨ ᠬᠤᠷᠢᠶᠠᠨ ᠤ ᠤᠯᠠᠮ ᠨᠢᠭᠡ ᠠᠯᠬᠤᠮ ᠠᠪᠤᠷᠠᠨ ᠡᠮᠨᠡᠬᠦ ᠳᠤ ᠨᠢ ᠡᠷᠬᠢᠮ ᠨᠠᠨᠳᠢᠨ ᠴᠠᠭ ᠣᠯᠭᠤᠭᠰᠠᠨ ᠪᠦᠭᠡᠳ ᠪᠠᠴᠢᠮ ᠠᠪᠤᠷᠠᠯᠲᠠ ᠶᠢᠨ ᠭᠠᠷ ᠳᠦᠷᠦᠬᠦ ᠪᠣᠭᠤᠮᠲᠠ ᠶᠢ ᠲᠦᠷᠦᠭᠦᠯᠡᠨ ᠲᠠᠯᠪᠢᠵᠤ᠂ ᠡᠮᠨᠡᠯᠭᠡ ᠶᠢᠨ ᠬᠤᠷᠢᠶᠠᠨ ᠤ ᠭᠠᠳᠠᠨ᠎ᠠ ᠠᠪᠤᠷᠠᠨ ᠲᠤᠰᠠᠯᠠᠬᠤ ᠬᠢᠭᠡᠳ ᠡᠮᠨᠡᠯᠭᠡ ᠶᠢᠨ ᠬᠤᠷᠢᠶᠠᠨ ᠤ ᠪᠠᠴᠢᠮ ᠡᠮᠴᠢᠯᠡᠭᠡᠨ ᠤ ᠲᠦᠷᠭᠡᠨ ᠠᠪᠤᠷᠠᠬᠤ ᠶᠢ ᠵᠠᠢ ᠴᠢᠯᠦᠭᠡ ᠦᠭᠡᠢ ᠵᠠᠯᠭᠠᠯᠳᠤᠭᠤᠯᠬᠤ 5G+ ᠡᠮᠴᠢᠯᠡᠭᠡᠨ ᠤ ᠪᠠᠴᠢᠮ ᠠᠪᠤᠷᠠᠯᠲᠠ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠢᠯᠡᠳᠦᠯᠭᠡ ᠪᠠᠷ ᠰᠢᠯᠭᠠᠨ ᠪᠠᠶᠢᠴᠠᠭᠠᠵᠠᠶ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯ ᠮᠥᠨ ᠴᠦ ᠪᠥᠬᠦ ᠣᠷᠣᠨ ᠤ 5G ᠮᠡᠷᠭᠡᠵᠢᠯ ᠢ ᠡᠮᠨᠡᠯᠭᠡ ᠳᠤ ᠣᠷᠣᠬᠤ ᠠᠴᠠ ᠡᠮᠦᠨᠡᠬᠢ ᠪᠠᠴᠢᠮ ᠠᠪᠤᠷᠠᠯᠲᠠ ᠳᠤ ᠬᠡᠷᠡᠭᠯᠡᠭᠰᠡᠨ ᠠᠩᠬᠠᠳᠠᠭᠴᠢ ᠡᠮᠨᠡᠯᠭᠡ ᠶᠢᠨ ᠬᠤᠷᠢᠶ᠎ᠠ ᠶᠤᠮ᠂ ᠪᠥᠬᠦ ᠣᠷᠣᠨ ᠤ 5G+ ᠡᠮᠴᠢᠯᠡᠭᠡᠨ ᠤ ᠡᠮᠨᠡᠯᠭᠡ ᠳᠤ ᠣᠷᠣᠬᠤ ᠠᠴᠠ ᠡᠮᠦᠨᠡᠬᠢ ᠲᠦᠷᠭᠡᠨ ᠡᠮᠨᠡᠬᠦ ᠪᠠ ᠪᠠᠴᠢᠮ ᠠᠪᠤᠷᠠᠬᠤ ᠳᠤ ᠰᠢᠨ᠎ᠡ ᠴᠢᠭᠯᠡᠯ ᠢ ᠨᠡᠭᠡᠭᠡᠭᠰᠡᠨ ᠪᠠ ᠬᠥᠲᠥᠯᠥᠨ ᠳᠠᠭᠠᠭᠤᠯᠵᠠᠶ᠃ ᠬᠤᠷᠢᠶᠠᠨ ᠳᠠᠷᠤᠭ᠎ᠠ ᠰᠦᠨ ᠳ᠋ᠧ ᠵᠢᠶᠦ᠋ᠨ ᠢᠯᠡᠳᠬᠡᠬᠦ ᠳᠤ ᠪᠠᠨ᠂ ᠲᠣᠰ ᠤᠳᠠᠭᠠᠨ ᠤ ᠰᠣᠷᠢᠯᠲᠠ ᠨᠢ ᠡᠮᠨᠡᠯᠭᠡ ᠶᠢᠨ ᠬᠤᠷᠢᠶᠠᠨ ᠤ 5G ᠮᠡᠷᠭᠡᠵᠢᠯ ᠪᠣᠯᠤᠨ ᠡᠮᠴᠢᠯᠡᠭᠡ ᠶᠢ ᠨᠢᠭᠲᠠ ᠤᠶᠠᠯᠳᠤᠭᠤᠯᠤᠭᠰᠠᠨ ᠨᠢᠭᠡ ᠤᠳᠠᠭᠠᠨ ᠤ ᠬᠠᠶᠢᠨ ᠰᠦᠪᠡᠭᠴᠢᠯᠡᠯᠲᠡ ᠪᠠ ᠲᠤᠷᠰᠢᠯᠲᠠ ᠪᠣᠯᠬᠤ ᠪᠠᠷ ᠪᠠᠷᠠᠬᠤ ᠥᠬᠡᠶ ᠲᠣᠰ ᠤᠳᠠᠭᠠᠨ ᠤ ᠰᠣᠷᠢᠯᠲᠠ ᠪᠠᠷ ᠳᠠᠮᠵᠢᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠶᠢᠨ ︽ᠴᠠᠭ ᠪᠣᠯ ᠠᠮᠢ ᠨᠠᠰᠤ ᠮᠥᠨ︾ ᠭᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ ᠴᠢᠳᠠᠨ᠎ᠠ ᠭᠡᠵᠡᠶ᠃ ᠬᠤᠵᠢᠮ᠂ ᠡᠮᠨᠡᠯᠭᠡ ᠶᠢᠨ ᠬᠤᠷᠢᠶ᠎ᠠ ᠦᠷᠭᠦᠯᠵᠢᠯᠡᠨ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠬᠤᠸᠠ ᠸᠧᠶ ᠵᠡᠷᠭᠡ ᠺᠣᠮᠫᠠᠨᠢ ᠲᠠᠢ ᠬᠠᠮᠲᠤ 5G ᠬᠡᠷᠡᠭᠯᠡᠭᠡᠨ ᠳᠤ ᠬᠠᠨᠳᠤᠭᠤᠯᠤᠭᠰᠠᠨ ᠢᠨᠲ᠋ᠧᠷ ᠰᠦᠯᠵᠢᠶ᠎ᠡ + ᠣᠶᠤᠨᠴᠢ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ 5G ᠰᠦᠯᠵᠢᠶ᠎ᠡ ᠳᠤ ᠰᠠᠭᠤᠷᠢᠯᠠᠭᠰᠠᠨ ᠰᠢᠯᠵᠢᠭᠡ ᠪᠠᠴᠢᠮ ᠠᠪᠤᠷᠠᠯᠲᠠ᠂ ᠠᠯᠤᠰ ᠡᠵᠡᠮᠰᠢᠯᠲᠦ ᠬᠠᠮ ᠣᠨᠣᠰᠢᠯᠠᠯᠲᠠ᠂ ᠮᠠᠰᠢᠨ ᠬᠦᠮᠥᠨᠳᠦ ᠬᠡᠲᠦ ᠳᠠᠭᠤᠨ᠂ ᠮᠠᠰᠢᠨ ᠬᠥᠮᠦᠨ ᠡᠪᠡᠳᠴᠢᠲᠡᠨ ᠤ ᠥᠷᠥᠭᠡ ᠶᠢ ᠪᠠᠶᠢᠴᠠᠭᠠᠬᠤ᠂ ᠠᠯᠤᠰ ᠡᠵᠡᠮᠰᠢᠯᠲᠦ ᠡᠮ ᠡᠮᠨᠡᠯᠭᠡ ᠶᠢᠨ ᠵᠢᠭᠠᠨ ᠰᠤᠷᠭᠠᠯᠲᠠ ᠵᠡᠷᠭᠡ ᠬᠡᠷᠡᠭᠯᠡᠭᠡᠨ ᠤ ᠰᠤᠳᠤᠯᠭᠠᠨ ᠢ ᠭᠤᠤᠯᠳᠠᠯᠭ᠎ᠠ ᠲᠠᠢ ᠥᠷᠨᠢᠭᠦᠯᠵᠦ᠂ ᠠᠷᠠᠳ ᠣᠯᠠᠨ ᠳᠤ ᠣᠯᠠᠨ ᠲᠡᠰ ᠳᠠᠪᠬᠤᠷᠭ᠎ᠠ ᠶᠢᠨ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠶᠢ ᠨᠠᠩ ᠰᠠᠶᠢᠲᠤᠷ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号