ᠣᠶᠢᠷ᠎ᠠ ᠶᠢᠨ ᠡᠳᠤᠷ᠂ ᠰᠤᠷᠪᠤᠯᠵᠢᠯᠠᠭᠴᠢ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ | ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ 2016 | ᠣᠨ ᠤ ᠨᠢᠭᠡᠳᠦᠭᠡᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠳᠤ ᠰᠢᠯᠢ ᠶᠢᠨ ᠭᠤᠤᠯ ᠠᠶᠢᠮᠠᠭ ᠲᠤ ᠬᠤᠯᠪᠤᠭᠳᠠᠬᠤ 18 | ᠵᠦᠢᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠠᠴᠠ 11 ᠵᠦᠢᠯ ᠢ ᠨᠢ ᠨᠢᠭᠡᠨᠲᠡ ᠰᠢᠯᠭᠠᠨ ᠬᠤᠷᠢᠶᠠᠵᠤ ᠳ᠋ᠤᠭᠠᠷ ᠢ ᠨᠢ | ᠬᠠᠰᠤᠭᠠᠳ᠂ 2 ᠵᠦᠢᠯ ᠳᠤ ᠨᠢ ᠰᠢᠯᠭᠠᠨ ᠬᠤᠷᠢᠶᠠᠵᠤ ᠳ᠋ᠤᠭᠠᠷ ᠬᠠᠰᠤᠬᠤ ᠭᠠᠷᠳᠠᠮ ᠢ ᠶᠠᠭ ᠭᠦᠢᠴᠡᠳᠭᠡᠵᠦ᠂ | ᠦᠯᠡᠳᠡᠭᠰᠡᠨ 5 ᠵᠦᠢᠯ ᠢ ᠨᠢ ᠴᠡᠭᠴᠡᠯᠡᠨ ᠥᠭᠡᠷᠡᠴᠢᠯᠡᠵᠦ ᠪᠣᠢ᠃ | ᠲᠦᠯᠬᠢᠨ ᠠᠬᠢᠭᠤᠯᠵᠤ ᠪᠠᠶᠢᠭ᠎ᠠ 5 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠨᠢ ᠲᠤᠰ ᠲᠤᠰ᠄ | ᠰᠢᠯᠢ ᠶᠢᠨ ᠭᠤᠤᠯ ᠤᠨ ᠨᠤᠲᠤᠭ ᠪᠡᠯᠴᠢᠭᠡᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠠᠬᠢ 67 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠤᠴᠠᠭᠠᠬᠤ ᠭᠠᠷᠭᠠᠬᠤ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠨᠢ ᠪᠦᠳᠦᠭᠦᠯᠢᠭ ᠪᠠᠶᠢᠬᠤ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠤ ᠦᠢᠯᠡᠳᠪᠦᠷᠢ ᠠᠭᠤᠷᠬᠠᠢ ᠶᠢ ᠵᠢᠷᠤᠮ ᠦᠭᠡᠶ ᠨᠡᠭᠡᠭᠡᠨ ᠠᠰᠢᠭᠯᠠᠵᠤ ᠪᠠᠶᠢᠬᠤ | ᠠᠰᠠᠭᠤᠳᠠᠯ ᠳᠣᠪᠣᠶᠢᠮ᠎ᠠ ᠪᠠᠶᠢᠬᠤ᠂ ᠥᠪᠡᠷᠲᠡᠭᠡᠨ ᠵᠠᠰᠠᠬᠤ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠬᠦᠷᠢᠶᠡᠯᠡᠩ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠵᠢ ᠪᠦᠷᠢᠳᠦᠭᠦᠯᠬᠦ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠦᠷᠢᠨ ᠲᠡᠭᠦᠯᠳᠡᠷ ᠪᠤᠰᠤ ᠪᠠᠶᠢᠬᠤ᠂ ᠨᠤᠲᠤᠭ ᠪᠡᠯᠴᠢᠭᠡᠷ ᠢ | ᠬᠠᠤᠯᠢ ᠠᠴᠠ ᠵᠥᠷᠢᠴᠡᠨ ᠲᠠᠲᠠᠪᠤᠷᠢᠯᠠᠨ ᠬᠡᠷᠡᠭᠯᠡᠬᠦ ᠠᠰᠠᠭᠤᠳᠠᠯ ᠢ ᠴᠡᠭᠴᠡᠯᠡᠬᠦ ᠵᠡᠷᠭᠡ ᠪᠣᠯᠤᠨ᠎ᠠ᠃ | ᠡᠭᠦᠨ ᠠᠴᠠ ᠭᠠᠳᠠᠨ᠎ᠠ᠂ 2018 ᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠵᠢᠴᠢ ᠨᠤᠲᠤᠭ ᠪᠡᠯᠴᠢᠭᠡᠷ ᠤᠨ | ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ | ᠲᠤᠰᠬᠠᠭᠰᠠᠨ ᠰᠠᠨᠠᠯ ᠳᠤ ᠴᠢᠭᠯᠡᠭᠦᠯᠦᠨ᠂ ᠰᠢᠯᠢ ᠶᠢᠨ ᠭᠤᠤᠯ ᠠᠶᠢᠮᠠᠭ ᠲᠦᠷᠦᠭᠦᠬᠡᠨ ︽ᠰᠢᠯᠢ ᠶᠢᠨ ᠭᠤᠤᠯ | ᠠᠶᠢᠮᠠᠭ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︿ᠪᠤᠴᠠᠵᠤ | ᠪᠠᠶᠢᠴᠠᠭᠠᠨ ᠦᠵᠡᠬᠦ﹀ ᠠᠵᠢᠯᠯᠠᠭ᠎ᠠ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠡᠨᠡ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠵᠢᠴᠢ | ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠰᠢᠮᠳᠠᠭᠤᠯᠤᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠳᠤ ᠰᠢᠯᠢ ᠶᠢᠨ ᠭᠤᠤᠯ ᠠᠶᠢᠮᠠᠭ ᠲᠤ ᠬᠤᠯᠪᠤᠭᠳᠠᠬᠤ 24 | ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠠᠴᠠ 3 ᠢ ᠨᠢ ᠨᠢᠭᠡᠨᠲᠡ ᠰᠢᠯᠭᠠᠨ ᠬᠤᠷᠢᠶᠠᠵᠤ ᠳ᠋ᠤᠭᠠᠷ ᠢ ᠨᠢ | ᠬᠠᠰᠤᠪᠠ᠂ ᠡᠨᠡ ᠨᠢ ᠲᠤᠰ ᠲᠤᠰ᠄ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 2018 ᠣᠨ ᠤ 6 ᠳ᠋ᠤᠭᠠᠷ ᠰᠠᠷ᠎ᠠ ᠬᠦᠷᠲᠡᠯ᠎ᠡ ᠤᠷᠲᠤ | ᠬᠤᠭᠤᠴᠠᠭ᠎ᠠ ᠪᠠᠷ ᠪᠠᠷᠢᠮᠵᠢᠶ᠎ᠠ ᠠᠴᠠ ᠬᠡᠲᠦᠷᠡᠭᠦᠯᠲᠡᠯᠡ ᠭᠠᠳᠠᠭᠰᠢᠯᠠᠭᠤᠯᠤᠭᠰᠠᠨ︔ ᠰᠢᠯᠢ ᠶᠢᠨ ᠭᠤᠤᠯ ᠠᠶᠢᠮᠠᠭ ᠤᠨ | 5 ᠰᠠᠤᠷᠢ ᠴᠠᠭ ᠲᠤ 10 ᠲᠣᠨ ᠪᠤᠶᠤ ᠲᠡᠭᠦᠨ ᠠᠴᠠ ᠳᠣᠷᠣᠭᠰᠢᠬᠢ ᠤᠰᠤ ᠠᠭᠤᠷᠰᠢᠭᠤᠯᠳᠠᠭ ᠨᠡᠭᠦᠷᠡᠰᠦ | ᠰᠢᠲᠠᠭᠠᠬᠤ ᠵᠢᠵᠢᠭ ᠵᠤᠤᠬ᠎ᠠ ᠶᠢ ᠪᠦᠷᠢᠮᠦᠰᠦᠨ ᠰᠢᠭᠰᠢᠭᠳᠡᠭᠦᠯᠦᠭᠰᠡᠨ ᠥᠬᠡᠶ︔ ᠰᠢᠯᠢ ᠶᠢᠨ ᠭᠤᠤᠯ ᠠᠶᠢᠮᠠᠭ ᠤᠨ | ᠰᠢᠯᠢᠩᠬᠤᠲᠠ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠲᠥᠰᠦᠯ ᠳᠤ | ᠡᠭᠦᠷᠭᠡ ᠶᠢᠨ ᠲᠣᠬᠢᠷᠠᠭᠤᠯᠤᠯᠲᠠ ᠦᠭᠡᠶ ᠪᠥᠭᠡᠳ ᠴᠠᠭ ᠤᠨ ᠬᠢᠵᠠᠭᠠᠷᠯᠠᠯ ᠦᠭᠡᠶ ᠪᠠᠶᠢᠭᠰᠠᠨ ᠵᠡᠷᠭᠡ ᠪᠣᠯᠤᠨ᠎ᠠ᠃ ᠶᠠᠭ | ᠰᠢᠯᠭᠠᠨ ᠬᠤᠷᠢᠶᠠᠵᠤ ᠳ᠋ᠤᠭᠠᠷ ᠬᠠᠰᠤᠬᠤ ᠭᠠᠷᠳᠠᠮ ᠢ ᠭᠦᠢᠴᠡᠳᠭᠡᠵᠦ ᠪᠠᠶᠢᠭ᠎ᠠ 5 ᠲᠥᠷᠥᠯ ᠵᠦᠢᠯ ᠨᠢ ᠲᠤᠰ ᠲᠤᠰ᠄ | ᠨᠡᠯᠢᠶᠡᠳ ᠣᠯᠠᠨ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠠᠵᠢᠯ ᠨᠢ ᠪᠠᠷᠢᠮᠵᠢᠶ᠎ᠠ ᠳᠤ ᠬᠦᠷᠬᠦ ᠦᠭᠡᠶ᠂ ᠳᠠᠭᠠᠭᠠᠴᠠ ᠶᠢᠨ ᠨᠣᠷᠮ᠎ᠠ ᠨᠢ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤ ᠬᠦᠷᠬᠦ ᠦᠭᠡᠶ ᠪᠠᠶᠢᠬᠤ︔ ᠰᠢᠯᠢ ᠶᠢᠨ ᠭᠤᠣᠯ ᠤᠨ ᠰᠥᠨᠢᠳ | ᠬᠤᠵᠢᠷ ᠤᠨ ᠦᠢᠯᠡᠰ ᠤᠨ ᠺᠣᠮᠫᠠᠨᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠵᠦ᠂ ᠣᠷᠴᠢᠨ | ᠲᠣᠭᠤᠷᠢᠨ ᠤ ᠦᠨᠡᠯᠡᠯᠲᠡ ᠶᠢ ᠳᠠᠮᠵᠢᠭᠰᠠᠨ ᠦᠭᠡᠶ ᠪᠠᠷ ᠬᠡᠰᠡᠭ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ | ᠬᠤᠪᠢᠷᠠᠭᠤᠯᠤᠭᠰᠠᠨ︔ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠰᠥᠨᠢᠳ | ᠬᠤᠵᠢᠷ ᠤᠨ ᠦᠢᠯᠡᠰ ᠤᠨ ᠺᠣᠮᠫᠠᠨᠢ ᠶᠢᠨ ᠵᠥᠪᠬᠡᠨ ᠬᠡᠰᠡᠭ ᠲᠠᠯ᠎ᠠ ᠶᠢᠨ ᠵᠠᠰᠠᠯᠲᠠ ᠶᠢᠨ ᠢᠨᠵᠧᠨᠧᠷᠢᠩ ᠢ | ᠪᠡᠶᠡᠯᠡᠭᠦᠯᠦᠭᠰᠡᠨ ᠪᠠᠶᠢᠳᠠᠯ ᠳᠣᠤᠷ᠎ᠠ ᠰᠢᠯᠭᠠᠨ ᠬᠤᠷᠢᠶᠠᠭᠰᠠᠨ︔ ᠥᠪᠡᠷᠲᠡᠭᠡᠨ ᠵᠠᠰᠠᠬᠤ ᠣᠷᠣᠨ ᠤ ᠴᠥᠭᠡᠨ ᠪᠤᠰᠤ | ᠤᠳᠤᠷᠢᠳᠬᠤ ᠺᠠᠳ᠋ᠷ ᠠᠮᠢ ᠠᠬᠤᠶ ᠣᠷᠴᠢᠨ ᠲᠣᠭᠤᠷᠢᠨ ᠳᠤ ᠲᠤᠯᠭᠠᠷᠠᠵᠤ ᠪᠠᠶᠢᠭ᠎ᠠ ᠬᠡᠴᠡᠭᠦᠦ ᠪᠠᠶᠢᠳᠠᠯ ᠢ ᠲᠠᠨᠢᠵᠤ | ᠣᠯᠤᠭᠠᠳᠤᠢ ᠪᠠᠶᠢᠬᠤ︔ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠦᠶ᠎ᠡ ᠳᠤ᠂ | ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠳᠤᠲᠠᠮᠠᠭ᠂ | ᠬᠠᠷᠢᠭᠤᠴᠠᠯᠭᠠᠲᠤ ᠰᠡᠳᠬᠢᠯᠭᠡ ᠴᠢᠩᠭ᠎ᠠ ᠪᠢᠰᠢ ᠪᠠᠶᠢᠬᠤ ᠵᠡᠷᠬᠡ ᠠᠰᠠᠭᠤᠳᠠᠯ ᠪᠣᠯᠤᠨ᠎ᠠ᠃ ᠪᠤᠰᠤᠳ 16 ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠶᠠᠭ ᠠᠬᠢᠭᠤᠯᠵᠤ ᠪᠠᠶᠢᠨ᠎ᠠ᠃ |