11 ᠰᠠᠷ᠎ᠠ ᠶᠢᠨ 5 ᠤ ᠡᠳᠦᠷ ᠠᠴᠠ ᠡᠬᠢᠯᠡᠵᠦ᠂ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ 15 ᠳ᠋ᠤᠭᠠᠷ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠬᠦᠬᠡᠬᠤᠳᠠ᠂ ᠪᠤᠭᠤᠳᠤ᠂ | ᠤᠯᠠᠭᠠᠠᠬᠠᠳᠠ 3 ᠠᠶᠢᠮᠠᠬ ᠬᠤᠳᠠ ᠳᠤ ᠬᠦᠨᠵᠡᠬᠡᠶᠢᠷᠡᠨ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ | ᠠᠵᠢᠯᠯᠠᠭ᠎ᠠ ᠦᠷᠨᠢᠬᠦᠯᠵᠦ᠂ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠱᠠᠯᠠᠪᠳᠠᠭᠤᠯᠤᠨ | ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠬᠤ ᠳᠤ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠦᠨᠵᠡᠬᠡᠢ ᠤᠢᠢᠯᠠᠭᠠᠵᠠᠢ᠃ | ᠪᠤᠭᠤᠳᠤ ᠬᠤᠳᠠ ᠳᠤ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ 15 ᠳ᠋ᠤᠭᠠᠷ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠲᠠᠷᠤᠭ᠎ᠠ ᡁᠢ ᠱᠦ ᠫᠢᠩ ᠬᠠᠷᠢᠭᠤ ᠮᠡᠳᠡᠬᠦᠯᠦᠯᠳᠡ ᠶᠢᠨ | ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠠᠷᠢᠭᠤ | ᠮᠡᠳᠡᠬᠦᠯᠦᠯᠳᠡ ᠶᠢᠨ ᠬᠤᠷᠠᠯ ᠳᠤ ᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠬᠠᠷᠢᠭᠤ | ᠮᠡᠳᠡᠬᠦᠯᠦᠯᠳᠡ ᠬᠢᠵᠡᠢ᠃ | ᡁᠢ ᠱᠦ ᠫᠢᠩ᠂ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠦᠷᠨᠢᠬᠦᠯᠬᠦ ᠨᠢ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠱᠠᠯᠠᠪᠳᠠᠭᠤᠯᠤᠨ ᠵᠢᠯᠤᠭᠤᠳᠬᠤ ᠠᠵᠢᠯ ᠤᠨ | ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠠᠬᠢᠭᠤᠯᠬᠤ ᠵᠠᠩᠬᠢᠯᠠᠭ᠎ᠠ ᠶᠢᠨ ᠭᠤᠬᠴᠤᠭ᠎ᠠ ᠪᠤᠯᠤᠨ᠎ᠠ᠂ ᠪᠤᠭᠤᠳᠤ ᠬᠤᠳᠠ ᠶᠢᠨ ᠡᠯ᠎ᠡ ᠱᠠᠳᠤᠨ ᠤ ᠨᠠᠮ ᠤᠨ ᠬᠤᠷᠢᠶ᠎ᠠ᠂ | ᠵᠠᠰᠠᠬ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠨᠡᠩ ᠬᠦᠨᠵᠡᠬᠡᠢ ᠰᠤᠷᠤᠯᠴᠠᠨ ᠤᠢᠢᠯᠠᠭᠠᠵᠤ᠂ ᠲᠦᠪ | ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠡᠩ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ︽ | ᠲᠦᠷᠪᠡᠨ ᠤᠬᠠᠮᠰᠠᠷ︾ ᠢᠶᠠᠨ ᠴᠢᠨᠠᠬᠰᠢᠳᠠ ᠪᠠᠬᠢᠵᠢᠬᠦᠯᠵᠦ᠂ ︽ᠲᠦᠷᠪᠡᠨ ᠢᠳᠡᠬᠡᠯ︾ ᠢ ᠪᠠᠳᠤᠳᠬᠠᠵᠤ᠂ ︽ᠬᠤᠶᠠᠷ | ᠢ ᠬᠠᠮᠠᠭᠠᠯᠠᠬᠤ︾ ᠶᠢ ᠪᠡᠶᠡᠯᠡᠬᠦᠯᠵᠦ᠂ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠳᠤ ᠵᠦᠪ | ᠬᠠᠨᠳᠤᠵᠤ᠂ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠶᠢ ᠤᠬᠠᠮᠰᠠᠷ ᠠᠴᠠ ᠪᠠᠨ ᠬᠦᠯᠢᠶᠡᠨ | ᠠᠪᠬᠤ ᠬᠡᠷᠡᠭᠳᠡᠢ᠃ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠶᠢᠨ ᠶᠡᠷᠦᠩᠬᠡᠢ | ᠴᠤᠬᠴᠠ ᠶᠢᠨ ᠱᠠᠭᠠᠷᠳᠠᠯᠭ᠎ᠠ ᠶᠢ ᠵᠦᠪ ᠢᠶᠠᠷ ᠡᠵᠡᠮᠳᠡᠵᠦ᠂ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ | ᠠᠵᠢᠯᠯᠠᠭ᠎ᠠ ᠶᠢᠨ ᠠᠵᠠ ᠲᠤᠬᠢᠶᠠᠯ ᠢ ᠠᠳᠬᠤᠵᠤ᠂ ᠲᠤᠷᠰᠢᠯᠭ᠎ᠠ ᠪᠠᠨ ᠳ᠋ᠦᠩᠨᠡᠵᠦ᠂ ᠵᠦᠷᠢᠶ᠎ᠡ ᠪᠠᠨ ᠡᠷᠢᠵᠦ᠂ ᠠᠵᠢᠯ | ᠢᠶᠠᠨ ᠠᠬᠢᠭᠤᠯᠬᠤ ᠬᠡᠷᠡᠭᠳᠡᠢ᠃ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠢ ᠲᠠᠶᠢᠴᠢᠯᠠᠵᠤ᠂ | ︽ᠬᠠᠮᠠᠭᠠᠯᠠᠬᠴᠢ ᠰᠢᠬᠦᠷ ᠲᠤ ᠴᠤᠬᠢᠯᠳᠠ ᠦᠭᠴᠦ ᠬᠠᠷᠢᠴᠠᠭᠠᠨ ᠤ ᠲᠤᠤᠷ ᠢ ᠡᠪᠳᠡᠵᠦ︾ ︽ᠠᠵᠤ ᠠᠬᠤᠢ ᠶᠢᠨ | ᠢᠷᠡᠯᠳᠡ ᠳᠤᠨᠢ ᠴᠤᠬᠢᠯᠳᠠ ᠦᠭᠴᠦ︾᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠬᠤ᠂ ᠦᠨᠳᠦᠰᠦ ᠶᠢ | ᠪᠠᠬᠢᠵᠢᠬᠦᠯᠦᠨ ᠰᠠᠭᠤᠷᠢ ᠶᠢ ᠪᠠᠳᠤᠳᠬᠠᠬᠤ᠂ ᠲᠦᠷᠢᠮ ᠤᠨ ᠪᠠᠶᠢᠭᠤᠯᠤᠯᠳᠠ ᠶᠢᠨ ᠲᠠᠯ᠎ᠠ ᠪᠠᠷ ᠦᠷ᠎ᠠ ᠪᠦᠳᠦᠮᠵᠢ ᠤᠯᠵᠤ᠂ | ᠲᠤᠰᠬᠠᠢ ᠲᠡᠮᠡᠴᠡᠯ ᠢ ᠠᠬᠢᠭᠤᠯᠤᠨ ᠰᠢᠨ᠎ᠠ ᠰᠢᠪᠳᠤᠯᠤᠯᠳᠠ ᠰᠢᠨ᠎ᠠ ᠠᠬᠢᠴᠠ ᠲᠠᠢ ᠪᠤᠯᠭᠠᠵᠤ᠂ ᠪᠤᠭᠤᠳᠤ ᠶᠢᠨ ᠠᠵᠤ | ᠠᠬᠤᠢ ᠨᠡᠶᠢᠬᠡᠮ ᠤᠨ ᠤᠷᠴᠢᠨ ᠢ ᠴᠢᠨᠠᠬᠰᠢᠳᠠ ᠰᠢᠯᠢᠳᠡᠭᠵᠢᠬᠦᠯᠦᠨ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ | ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠡᠭᠡᠭᠰᠢᠯᠡᠬᠦᠯᠬᠦ ᠬᠡᠷᠡᠭᠳᠡᠢ ᠬᠡᠵᠦ ᠵᠢᠭᠠᠵᠤ | ᠭᠠᠷᠭᠠᠵᠠᠢ᠃ | ᠤᠢᠢᠯᠠᠭᠠᠬᠰᠠᠨ ᠢᠶᠠᠷ᠂ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ 15 ᠳ᠋ᠤᠭᠠᠷ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠮᠠᠨ ᠤ ᠤᠷᠤᠨ ᠳᠤ ᠱᠠᠯᠠᠪᠳᠠᠭᠤᠯᠤᠨ | ᠵᠢᠯᠤᠭᠤᠳᠤᠬᠰᠠᠨ ᠠᠴᠠ ᠨᠠᠭᠠᠰᠢ᠂ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠲᠦᠪ ᠤᠨ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠬᠤ ᠳᠤ ᠬᠠᠷᠢᠭᠤ ᠲᠤᠰᠬᠠᠬᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ | ᠪᠠᠷᠢᠨ ᠶᠠᠪᠤᠬᠳᠠᠭᠤᠯᠵᠤ ᠪᠠᠷᠢᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠲᠦᠢᠯᠪᠤᠷᠢᠳᠠᠢ ᠴᠡᠭᠴᠡᠯᠡᠨ ᠰᠠᠶᠢᠵᠢᠷᠠᠭᠤᠯᠵᠤ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠠᠰᠤᠷᠠᠯᠳᠠ ᠦᠬᠡᠢ ᠰᠢᠨ᠎ᠠ ᠦᠷ᠎ᠡ | ᠪᠦᠳᠦᠮᠵᠢ ᠤᠯᠬᠤ ᠶᠢ ᠠᠬᠢᠭᠤᠯᠵᠠᠢ᠃ 10 ᠰᠠᠷ᠎ᠠ ᠶᠢᠨ ᠰᠡᠬᠦᠯᠴᠢ ᠪᠤᠯᠳᠠᠯ᠎ᠠ᠂ ᠲᠦᠪ ᠤᠨ ᠱᠠᠯᠠᠪᠳᠠᠭᠤᠯᠤᠨ | ᠵᠢᠯᠤᠭᠤᠳᠬᠤ ᠲᠤᠭᠤᠢᠢᠯᠠᠩ ᠤᠨ ᠬᠠᠷᠢᠭᠤ ᠲᠤᠰᠬᠠᠬᠰᠠᠨ 26 ᠠᠰᠠᠭᠤᠳᠠᠯ ᠤᠨ 24 ᠶᠢ ᠨᠢ ᠨᠢᠬᠡᠨᠳᠡ ᠴᠡᠭᠴᠡᠯᠡᠨ | ᠰᠠᠶᠢᠵᠢᠷᠠᠭᠤᠯᠵᠤ᠂ 83 ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ 81 ᠵᠤᠷᠪᠤᠰ ᠢ ᠨᠢ ᠨᠢᠬᠡᠨᠳᠡ | ᠪᠤᠳᠠᠳᠠᠢ ᠳᠤ ᠨᠠᠶᠢᠳᠠᠪᠤᠷᠢᠵᠢᠭᠤᠯᠵᠠᠢ᠃ ᠲᠠᠷᠠᠭᠠᠴᠢ ᠪᠠᠷ᠂ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ | ᠤᠷᠳᠤᠨ ︽ᠤᠬ ᠰᠠᠨᠠᠭ᠎ᠠ ᠪᠠᠨ ᠦᠯᠦ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠦᠪᠳᠦ ᠬᠦᠮᠦᠵᠢᠯ ᠢ ᠦᠷᠨᠢᠬᠦᠯᠬᠦ ᠲᠠᠢ ᠤᠶᠠᠯᠳᠤᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠤᠨ ᠦᠵᠡᠯᠳᠡ ᠲᠠᠨᠢᠯᠳᠠ ᠪᠠᠨ ᠲᠡᠭᠡᠭᠰᠢᠯᠡᠬᠦᠯᠬᠦ᠂ ᠵᠤᠬᠢᠶᠠᠨ ᠪᠠᠶᠢᠭᠤᠯᠤᠯᠳᠠ ᠶᠢᠨ | ᠤᠳᠤᠷᠢᠳᠤᠯᠭ᠎ᠠ ᠪᠠᠨ ᠴᠢᠩᠭᠠᠳᠬᠠᠬᠤ᠂ ᠦᠷᠬᠦᠯᠵᠢᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ | ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠬᠤ ᠲᠡᠭᠡᠷ᠎ᠡ ᠦᠷᠬᠦᠯᠵᠢᠯᠡᠨ ᠬᠦᠴᠦᠯᠡᠵᠦ᠂ ᠲᠤᠰᠬᠠᠢ ᠲᠡᠮᠡᠴᠡᠯ ᠤᠨ | ᠰᠢᠨ᠎ᠡ ᠢᠯᠠᠯᠳᠠ ᠶᠢ ᠡᠷᠡᠯᠭᠡᠭᠯᠡᠨ ᠲᠡᠮᠡᠴᠡᠨ ᠤᠯᠬᠤ ᠪᠤᠯᠤᠨ᠎ᠠ᠃ | ᠤᠯᠠᠭᠠᠠᠬᠠᠳᠠ ᠬᠤᠳᠠ ᠳᠤ᠂ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠤᠯᠠᠭᠠᠠᠬᠠᠳᠠ | ᠬᠤᠳᠠ ᠶᠢᠨ ᠲᠦᠪ ᠤᠨ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠬᠤ ᠳᠤ | ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ | ᠬᠠᠷᠢᠭᠤ ᠮᠡᠳᠡᠬᠦᠯᠦᠯᠳᠡ ᠶᠢ ᠰᠤᠨᠤᠰᠴᠠᠢ᠃ ᠲᠦᠪ ᠤᠨ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠲᠡᠳ᠋ | ᠲᠠᠷᠤᠭ᠎ᠠ ᠰᠢᠤᠢ ᠬᠠᠢ ᠪᠢᠨ ᠬᠠᠷᠢᠭᠤ ᠮᠡᠳᠡᠬᠦᠯᠦᠯᠳᠡ ᠶᠢᠨ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠤ᠂ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠤᠯᠠᠭᠠᠠᠬᠠᠳᠠ ᠬᠤᠳᠠ ᠶᠢᠨ ᠨᠠᠮ ᠤᠨ ᠬᠤᠷᠢᠶᠠᠨ ᠤ ᠱᠦᠵᠢ | ᠳ᠋ᠤᠸᠠᠨ ᡁᠢ ᠴᠢᠶᠠᠩ ᠠᠵᠢᠯ ᠤᠨ ᠬᠠᠷᠢᠭᠤ ᠮᠡᠳᠡᠬᠦᠯᠦᠯᠳᠡ ᠬᠢᠭᠰᠡᠨ ᠪᠦᠬᠡᠳ ᠤᠪᠤᠷ ᠢᠶᠠᠨ ᠢᠯᠡᠳᠬᠡᠬᠦ ᠦᠬᠡ ᠬᠡᠯᠡᠵᠦ᠂ | ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠯᠢ ᠴᠢ ᠯᠢᠨ | ᠬᠠᠷᠢᠭᠤ ᠮᠡᠳᠡᠬᠦᠯᠦᠯᠳᠡ ᠶᠢᠨ ᠬᠤᠷᠠᠯ ᠳᠤ ᠤᠷᠤᠯᠴᠠᠵᠠᠢ᠃ ᠰᠢᠤᠢ ᠬᠠᠢ ᠪᠢᠨ ᠤᠯᠠᠭᠠᠠᠬᠠᠳᠠ ᠬᠤᠳᠠ ᠶᠢᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠠᠵᠢᠯ ᠤᠨ ᠲᠠᠯ᠎ᠠ ᠪᠠᠷ ᠤᠯᠤᠬᠰᠠᠨ ᠱᠠᠳᠤᠴᠢ ᠴᠢᠨᠠᠷᠳᠠᠢ ᠦᠷ᠎ᠡ | ᠪᠦᠳᠦᠮᠵᠢ ᠶᠢ ᠬᠦᠢᠴᠡᠳ ᠨᠤᠳᠠᠯᠠᠬᠰᠠᠨ ᠪᠦᠬᠡᠳ ᠲᠦᠪ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠬᠤ᠂ | ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠶᠡᠷᠦᠩᠬᠡᠢ ᠴᠤᠬᠴᠠ ᠶᠢᠨ ᠱᠠᠭᠠᠷᠳᠠᠯᠭ᠎ᠠ ᠶᠢ ᠵᠦᠪ | ᠤᠨᠤᠪᠴᠢᠳᠠᠢ ᠡᠵᠡᠮᠳᠡᠵᠦ᠂ ᠤᠯᠠᠭᠠᠠᠬᠠᠳᠠ ᠬᠤᠳᠠ ᠶᠢᠨ ᠪᠤᠳᠠᠳᠠᠢ ᠲᠠᠢ ᠨᠢᠬᠳᠠ ᠤᠶᠠᠯᠳᠤᠨ᠂ ᠱᠠᠯᠠᠪᠳᠠᠭᠤᠯᠤᠨ | ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠬᠦ ᠪᠠ ᠲᠠᠷᠠᠭᠠᠴᠢ ᠶᠢᠨ | ᠭᠤᠤᠯᠳᠠᠯᠭ᠎ᠠ ᠲᠠᠢ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠴᠠᠢ᠃ ᠲᠡᠷᠡ᠂ ᠤᠯᠠᠭᠠᠠᠬᠠᠳᠠ ᠬᠤᠳᠠ ᠶᠢᠨ ᠨᠠᠮ | ᠤᠨ ᠬᠤᠷᠢᠶ᠎ᠠ᠂ ᠵᠠᠰᠠᠬ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ᠂ ᠬᠠᠮᠢᠶ᠎ᠠ ᠪᠦᠬᠦᠢ ᠲᠠᠯ᠎ᠠ ᠶᠢᠨ ᠬᠢᠨ | ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠵᠦ᠂ ᠲᠤᠰ ᠤᠳᠠᠭ᠎ᠠ ᠶᠢᠨ ᠲᠦᠪ ᠤᠨ ᠱᠠᠯᠠᠪᠳᠠᠭᠤᠯᠤᠨ | ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠶᠢ | ᠰᠠᠨᠠᠭᠠᠴᠢᠯᠠᠭ᠎ᠠ ᠲᠠᠢ ᠪᠠᠷ ᠤᠬᠳᠤᠬᠤ ᠶᠢ ᠤᠳᠤᠬᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠵᠤ᠂ | ᠲᠤᠰᠬᠠᠢ ᠲᠡᠮᠡᠴᠡᠯ ᠢ ᠦᠷᠬᠦᠯᠵᠢᠯᠡᠨ ᠬᠦᠨᠵᠡᠬᠡᠢ ᠦᠷᠨᠢᠬᠦᠯᠬᠦ ᠶᠢ ᠠᠬᠢᠭᠤᠯᠬᠤ ᠴᠢᠬᠤᠯᠠ ᠠᠵᠠ ᠲᠤᠬᠢᠶᠠᠯ ᠪᠤᠯᠤᠨ | ᠬᠦᠴᠦᠷᠭᠡᠭ ᠶᠡᠭᠡ ᠬᠦᠳᠡᠯᠬᠡᠬᠦ ᠬᠦᠴᠦᠨ ᠪᠤᠯᠭᠠᠨ ᠡᠵᠡᠮᠳᠡᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ | ᠬᠠᠷᠢᠭᠤᠴᠠᠯᠭ᠎ᠠ ᠪᠠᠨ ᠬᠦᠢᠴᠡᠳᠬᠡᠬᠦ ᠴᠢᠬᠤᠯᠠ ᠠᠳᠬᠤᠴᠠ ᠪᠤᠯᠭᠠᠨ ᠨᠠᠶᠢᠳᠠᠪᠤᠷᠢᠵᠢᠭᠤᠯᠵᠤ᠂ ᠲᠦᠪ ᠤᠨ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ | ᠠᠵᠢᠯᠯᠠᠭ᠎ᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠬᠦᠴᠦᠨ ᠢ ᠠᠰᠢᠬᠯᠠᠨ ᠡᠯ᠎ᠡ ᠲᠦᠷᠦᠯ ᠤᠨ ᠠᠵᠢᠯ ᠢᠶᠠᠨ | ᠰᠠᠶᠢᠳᠤᠷ ᠬᠢᠵᠦ᠂ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠲᠠᠢ ᠬᠠᠮᠳᠤ ᠪᠠᠷ ᠲᠤᠷᠰᠢᠯᠭ᠎ᠠ ᠪᠠᠨ | ᠳ᠋ᠦᠩᠨᠡᠨ᠂ ᠲᠤᠳᠠᠭᠤᠳᠠᠯ ᠢᠶᠠᠨ ᠡᠷᠢᠵᠦ᠂ ᠠᠷᠭ᠎ᠠ ᠬᠡᠮᠵᠢᠶ᠎ᠡ ᠪᠠᠨ ᠪᠦᠷᠢᠨᠰᠢᠬᠦᠯᠦᠨ᠂ ᠠᠵᠢᠯ ᠢᠶᠠᠨ ᠠᠬᠢᠭᠤᠯᠬᠤ | ᠬᠡᠷᠡᠭᠳᠡᠢ᠃ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠲᠦᠪ ᠤᠨ ᠪᠠᠶᠢᠷᠢᠯᠠᠭᠤᠯᠤᠯᠳᠠ | ᠱᠠᠭᠠᠷᠳᠠᠯᠭ᠎ᠠ ᠶᠢᠨ ᠲᠤᠭᠤᠷᠢᠨ ᠳᠤ᠂ ᠨᠠᠮ᠂ ᠠᠷᠠᠳ ᠲᠦᠮᠡᠨ ᠳᠤ ᠲᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠬ | ᠰᠠᠨᠠᠭ᠎ᠠ ᠪᠠᠷ᠂ ᠠᠯᠢᠪᠠ ᠨᠢ ᠪᠤᠳᠠᠳᠠᠢ ᠠᠴᠠ ᠡᠬᠦᠰᠬᠦ ᠶᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ | ᠡᠬᠦᠷᠬᠡ ᠪᠠᠨ ᠲᠤᠬᠢᠷᠠᠭᠤᠯᠵᠤ᠂ ᠠᠵᠢᠯ ᠢᠶᠠᠨ ᠴᠢᠩᠭ᠎ᠠ ᠪᠤᠳᠠᠳᠠᠢ ᠦᠷᠨᠢᠬᠦᠯᠵᠦ᠂ ᠬᠠᠷᠢᠭᠤᠴᠠᠯᠭ᠎ᠠ ᠲᠠᠢ ᠪᠠᠷ ᠰᠠᠨᠠᠯ | ᠢᠶᠠᠨ ᠬᠠᠷᠢᠭᠤ ᠲᠤᠰᠬᠠᠵᠤ᠂ ᠲᠦᠪ ᠤᠨ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ | ᠵᠢᠯᠤᠭᠤᠳᠴᠤ ︽ᠡᠷᠬᠢᠨ ᠬᠠᠷᠠᠬᠤ︾ ᠡᠬᠦᠷᠬᠡ ᠶᠢ ᠲᠡᠷᠡ ᠬᠡᠪ ᠢᠶᠠᠷ ᠨᠢ ᠪᠦᠬᠦ ᠲᠠᠯ᠎ᠠ ᠪᠠᠷ ᠰᠠᠶᠢᠳᠤᠷ ᠪᠡᠶᠡᠯᠡᠬᠦᠯᠬᠦ | ᠬᠡᠷᠡᠭᠳᠡᠢ︔ ᠲᠦᠪ ᠤᠨ ᠨᠠᠢᠮᠠᠨ ᠲᠤᠬᠳᠠᠭᠠᠯ ᠪᠤᠯᠤᠨ ᠪᠤᠰᠤᠳ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ | ᠬᠡᠷᠡᠭᠵᠢᠬᠦᠯᠦᠨ᠂ ᠡᠯ᠎ᠡ ᠲᠦᠷᠦᠯ ᠤᠨ ᠰᠠᠬᠢᠯᠭ᠎ᠠ ᠪᠠᠳᠤ ᠪᠤᠯᠤᠨ ᠠᠵᠢᠯ ᠤᠨ ᠲᠦᠷᠢᠮ ᠢ ᠴᠢᠩᠭ᠎ᠠ ᠬᠡᠷᠡᠭᠵᠢᠬᠦᠯᠬᠦ | ᠬᠡᠷᠡᠭᠳᠡᠢ ᠬᠡᠵᠦ ᠴᠢᠬᠤᠯᠠᠴᠢᠯᠠᠵᠠᠢ᠃ | ᠳ᠋ᠤᠸᠠᠨ ᡁᠢ ᠴᠢᠶᠠᠩ ᠤᠪᠤᠷ ᠢᠶᠠᠨ ᠢᠯᠡᠳᠬᠡᠬᠦ ᠦᠬᠡ ᠬᠡᠯᠡᠬᠦ ᠳᠡᠭᠡᠨ᠂ ᠤᠯᠠᠭᠠᠠᠬᠠᠳᠠ ᠬᠤᠳᠠ ᠪᠦᠬᠦ ᠤᠯᠤᠰ | ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠶᠠᠳᠤᠭᠠᠷ ᠤᠳᠠᠭ᠎ᠠ ᠶᠢᠨ | ᠠᠬᠢᠭᠤᠯᠬᠤ ᠬᠤᠷᠠᠯ ᠤᠨ ᠵᠤᠷᠢᠬ ᠰᠠᠨᠠᠭ᠎ᠠ ᠪᠤᠯᠤᠨ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠵᠢᠭᠠᠪᠤᠷᠢ ᠶᠢᠨ | ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ | ᠵᠤᠬᠰᠤᠴᠠ ᠶᠢ ᠲᠠᠬᠢᠨ ᠲᠡᠭᠡᠭᠰᠢᠯᠡᠬᠦᠯᠬᠦ᠂ ᠤᠬᠠᠭᠤᠯᠭ᠎ᠠ ᠲᠠᠶᠢᠴᠢᠯᠠᠯᠳᠠ ᠲᠡᠭᠡᠷ᠎ᠡ ᠲᠠᠬᠢᠨ ᠬᠦᠴᠦᠯᠡᠬᠦ᠂ | ᠬᠦᠴᠢᠷᠳᠡᠯ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ ᠲᠠᠬᠢᠨ ᠰᠢᠪᠳᠤᠯᠬᠤ᠂ ᠶᠡᠷᠦᠩᠬᠡᠶᠢᠯᠡᠨ ᠵᠠᠰᠠᠵᠤ | ᠴᠡᠭᠴᠡᠯᠡᠬᠦ ᠶᠢ ᠲᠠᠬᠢᠨ ᠬᠦᠨᠵᠡᠬᠡᠶᠢᠷᠡᠬᠦᠯᠬᠦ᠂ ᠦᠨᠳᠦᠰᠦᠨ ᠱᠠᠳᠤᠨ ᠤ ᠰᠠᠭᠤᠷᠢ ᠶᠢ ᠲᠠᠬᠢᠨ ᠪᠠᠬᠢᠵᠢᠬᠦᠯᠬᠦ᠂ ᠤᠷᠳᠤ | ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠲᠠᠬᠢᠨ ᠪᠦᠷᠢᠨᠰᠢᠬᠦᠯᠬᠦ ᠶᠢ ᠪᠠᠷᠢᠮᠳᠠᠯᠠᠵᠤ᠂ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠪᠦᠬᠦ ᠲᠠᠯ᠎ᠠ ᠶᠢᠨ ᠢᠯᠠᠯᠳᠠ ᠤᠯᠬᠤ ᠶᠢ ᠪᠠᠳᠤᠯᠠᠨ᠎ᠠ ᠬᠡᠵᠦ | ᠵᠢᠭᠠᠵᠤ ᠭᠠᠷᠭᠠᠵᠠᠢ᠃ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠪᠠᠰᠠ ᠤᠯᠠᠭᠠᠠᠬᠠᠳᠠ ᠬᠤᠳᠠ ᠶᠢᠨ ᠪᠠᠶᠢᠴᠠᠭᠠᠬᠤ | ᠬᠤᠷᠢᠶᠠᠨ ᠳᠤ ᠬᠦᠷᠴᠦ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ ᠦᠷᠨᠢᠭᠦᠯᠵᠡᠢ᠃ | ᠬᠦᠬᠡᠬᠤᠳᠠ ᠳᠤ᠂ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠬᠦᠬᠡᠬᠤᠳᠠ ᠶᠢᠨ ᠲᠦᠪ ᠤᠨ | ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠱᠠᠯᠠᠪᠳᠠᠭᠤᠯᠤᠨ ᠵᠢᠯᠤᠭᠤᠳᠬᠤ ᠳᠤ ᠬᠠᠷᠢᠭᠤ ᠲᠤᠰᠬᠠᠬᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠬᠠᠷᠢᠭᠤ | ᠮᠡᠳᠡᠬᠦᠯᠦᠯᠳᠡ ᠶᠢ ᠰᠤᠨᠤᠰᠴᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠠᠷᠢᠭᠤ ᠮᠡᠳᠡᠬᠦᠯᠦᠯᠳᠡ ᠶᠢᠨ ᠬᠤᠷᠠᠯ ᠢ | ᠡᠷᠬᠢᠯᠡᠭᠰᠡᠨ ᠪᠦᠬᠡᠳ ᠤᠪᠤᠷ ᠢᠶᠠᠨ ᠢᠯᠡᠳᠬᠡᠬᠦ ᠦᠬᠡ ᠬᠡᠯᠡᠵᠡᠢ᠃ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ᠂ | ᠲᠦᠪ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ︽ᠡᠷᠬᠢᠨ ᠬᠠᠷᠠᠬᠤ︾ ᠠᠵᠢᠯᠯᠠᠭ᠎ᠠ ᠶᠢᠨ | ᠱᠠᠭᠠᠷᠳᠠᠯᠭ᠎ᠠ ᠶᠢ ᠵᠦᠪ ᠤᠨᠤᠪᠴᠢᠳᠠᠢ ᠡᠵᠡᠮᠳᠡᠵᠦ᠂ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠲᠤᠰᠢᠶᠠᠨ | ᠰᠢᠢᠳᠪᠦᠷᠢᠯᠡᠬᠦᠯᠦᠭᠰᠡᠨ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠳᠠᠯᠠᠨ᠂ ᠴᠡᠭᠴᠡᠯᠡᠵᠦ ᠰᠠᠶᠢᠵᠢᠷᠠᠭᠤᠯᠬᠤ ᠳᠤ ᠠᠯᠪᠠ ᠬᠠᠰᠢᠬᠤ᠂ ᠲᠤᠭ᠎ᠠ ᠪᠠᠷ ᠬᠠᠷ᠎ᠠ ᠪᠦᠯᠦᠭᠳᠡᠨ ᠢ | ᠠᠷᠢᠯᠭᠠᠬᠤ ᠵᠡᠷᠬᠡ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠴᠢᠩᠭ᠎ᠠ ᠠᠳᠬᠤᠬᠤ ᠬᠡᠷᠡᠭᠳᠡᠢ︔ | ᠲᠤᠰᠬᠠᠢ ᠴᠡᠭᠴᠡᠯᠡᠨ ᠰᠠᠶᠢᠵᠢᠷᠠᠭᠤᠯᠤᠯᠳᠠ ᠶᠢ ᠪᠠᠷᠢᠮᠳᠠᠯᠠᠨ᠂ ᠭᠤᠤᠯ ᠰᠡᠳᠦᠪᠳᠦ ᠬᠦᠮᠦᠵᠢᠯ ᠢ ᠴᠢᠩᠭ᠎ᠠ ᠠᠳᠬᠤᠵᠤ᠂ | ᠱᠠᠯᠢᠬ ᠵᠠᠪᠬᠠᠢ ᠵᠤᠭᠤᠰ ᠮᠦᠷᠦ᠋ᠢᠴᠡᠬᠦ ᠬᠤᠤᠷ ᠲᠠᠳᠠᠵᠤ ᠰᠠᠷᠢᠭᠠᠯᠠᠬᠤ ᠪᠤᠯᠤᠨ ᠬᠠᠷ᠎ᠠ ᠪᠦᠯᠦᠭᠳᠡᠨ ᠬᠠᠷᠬᠢᠰ ᠬᠦᠴᠦᠨ | ᠢ ᠲᠤᠷ᠎ᠠ ᠪᠠᠷ ᠨᠢ ᠲᠠᠯᠪᠢᠵᠤ᠂ ᠲᠤᠰᠢᠶᠠᠯ ᠬᠠᠷᠢᠭᠤᠴᠠᠯᠭ᠎ᠠ ᠳᠠᠭᠠᠨ ᠤᠰᠤᠯᠳᠠᠬᠰᠠᠨ ᠲᠡᠷᠡᠴᠢᠯᠡᠨ ︽ᠬᠠᠮᠠᠭᠠᠯᠠᠬᠴᠢ | ᠰᠢᠬᠦᠷ︾ ᠪᠤᠯᠤᠬᠰᠠᠨ ᠪᠠᠶᠢᠳᠠᠯ ᠳᠤ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ | ᠭᠤᠤᠯᠳᠠᠯᠭ᠎ᠠ ᠶᠢ ᠲᠤᠪᠤᠶᠢᠯᠭᠠᠬᠤ ᠶᠢ ᠪᠠᠷᠢᠮᠳᠠᠯᠠᠵᠤ᠂ ᠱᠠᠯᠠᠪᠳᠠᠭᠤᠯᠤᠨ ᠵᠢᠯᠤᠭᠤᠳᠤᠬᠰᠠᠨ ᠮᠡᠳᠡᠬᠦᠯᠦᠯᠳᠡ ᠪᠠ | ᠴᠡᠭᠴᠡᠯᠡᠨ ᠰᠠᠶᠢᠵᠢᠷᠠᠭᠤᠯᠤᠯᠳᠠ ᠶᠢᠨ ᠲᠤᠮᠳᠠᠬᠢ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠬᠡᠷᠡᠭ᠂ | ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠ ᠬᠠᠷᠢᠭᠤᠴᠠᠯᠭ᠎ᠠ | ᠠᠰᠠᠭᠤᠵᠤ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠴᠢᠩᠭ᠎ᠠ ᠠᠳᠬᠤᠵᠤ᠂ ᠠᠷᠠᠳ ᠲᠦᠮᠡᠨ ᠤ ᠠᠷᠠᠳᠴᠢᠯᠠᠯ ᠤᠨ | ᠪᠠᠶᠢᠷᠢ ᠰᠠᠭᠤᠷᠢ ᠶᠢ ᠪᠠᠷᠢᠮᠳᠠᠯᠠᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ | ᠴᠢᠩᠭ᠎ᠠ ᠠᠳᠬᠤᠬᠤ ᠬᠡᠷᠡᠭᠳᠡᠢ᠃ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠠᠷ ᠡᠬᠦᠷᠬᠡ ᠪᠠᠨ ᠲᠤᠬᠢᠷᠠᠭᠤᠯᠵᠤ᠂ | ᠠᠵᠢᠯᠯᠠᠭ᠎ᠠ ᠪᠠᠨ ᠴᠢᠩᠭ᠎ᠠ ᠪᠤᠳᠠᠳᠠᠢ ᠦᠷᠨᠢᠬᠦᠯᠵᠦ᠂ ᠲᠦᠪ ᠠᠴᠠ ᠪᠠᠶᠢᠷᠢᠯᠠᠭᠤᠯᠤᠬᠰᠠᠨ ᠱᠠᠯᠠᠪᠳᠠᠭᠤᠯᠤᠨ | ᠵᠢᠯᠤᠭᠤᠳᠴᠤ ︽ᠡᠷᠬᠢᠨ ᠬᠠᠷᠠᠬᠤ︾ ᠡᠬᠦᠷᠬᠡ ᠶᠢ ᠲᠡᠷᠡ ᠬᠡᠪ ᠢᠶᠠᠷ ᠨᠢ ᠪᠦᠬᠦ ᠲᠠᠯ᠎ᠠ ᠪᠠᠷ ᠰᠠᠶᠢᠳᠤᠷ ᠪᠡᠶᠡᠯᠡᠬᠦᠯᠬᠦ | ᠬᠡᠷᠡᠭᠳᠡᠢ ᠬᠡᠵᠦ ᠴᠢᠬᠤᠯᠠᠴᠢᠯᠠᠵᠠᠢ᠃ | ᠸᠠᠩ ᠯᠢ ᠰᠢᠶᠠ ᠤᠪᠤᠷ ᠢᠶᠠᠨ ᠢᠯᠡᠳᠬᠡᠬᠦ ᠦᠬᠡ ᠬᠡᠯᠡᠬᠦ ᠳᠡᠭᠡᠨ᠂ ᠱᠠᠯᠠᠪᠳᠠᠭᠤᠯᠤᠨ ᠵᠢᠯᠤᠭᠤᠳᠬᠤ | ᠲᠤᠭᠤᠢᠢᠯᠠᠩ ᠬᠦᠬᠡᠬᠤᠳᠠ ᠳᠤ ᠬᠦᠨᠵᠡᠬᠡᠶᠢᠷᠡᠨ ᠱᠠᠯᠠᠪᠳᠠᠭᠤᠯᠤᠨ ᠵᠢᠯᠤᠭᠤᠳᠴᠤ ︽ᠡᠷᠬᠢᠨ ᠬᠠᠷᠠᠬᠤ︾ ᠠᠵᠢᠯᠯᠠᠭ᠎ᠠ | ᠦᠷᠨᠢᠬᠦᠯᠦᠭᠰᠡᠨ ᠨᠢ ᠪᠦᠬᠦ ᠬᠤᠳᠠ ᠪᠠᠷ ᠢᠶᠠᠨ ᠨᠠᠮ ᠤᠨ ᠲᠦᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠤᠯᠤᠰ ᠲᠦᠷᠦ ᠶᠢᠨ ᠪᠡᠶ᠎ᠡ ᠶᠢᠨ | ᠪᠠᠶᠢᠴᠠᠭᠠᠯᠳᠠ ᠪᠠᠶᠢᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠠᠬᠢ ᠪᠠᠰᠠ | ᠨᠢᠬᠡᠨ ᠤᠳᠠᠭ᠎ᠠ ᠶᠢᠨ ᠲᠦᠪᠯᠡᠷᠡᠩᠬᠦᠢ ᠪᠠᠶᠢᠴᠠᠭᠠᠯᠳᠠ ᠪᠠ ᠴᠢᠬᠤᠯᠠ ᠵᠢᠯᠤᠭᠤᠳᠤᠯᠭ᠎ᠠ ᠪᠤᠯᠤᠨ᠎ᠠ᠃ ᠢᠮᠠᠬᠳᠠ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠶᠠᠷ ︽ᠲᠦᠷᠪᠡᠨ ᠤᠬᠠᠮᠰᠠᠷ︾ ᠢ ᠪᠤᠢ ᠪᠤᠯᠭᠠᠬᠤ᠂ | ︽ᠬᠤᠶᠠᠷ ᠢ ᠬᠠᠮᠠᠭᠠᠯᠠᠬᠤ︾ ᠶᠢᠨ ᠴᠢᠬᠤᠯᠠ ᠪᠠᠷᠢᠮᠵᠢᠶ᠎ᠠ ᠪᠤᠯᠭᠠᠵᠤ᠂ ᠠᠰᠠᠭᠤᠳᠠᠯ ᠤᠨ ᠴᠡᠭᠴᠡᠯᠡᠨ | ᠰᠠᠶᠢᠵᠢᠷᠠᠭᠤᠯᠤᠯᠳᠠ ᠶᠢ ᠬᠦᠨᠵᠡᠬᠡᠶᠢᠷᠡᠬᠦᠯᠵᠦ᠂ ᠪᠤᠳᠠᠳᠠᠢ ᠴᠡᠭᠴᠡᠯᠡᠨ ᠰᠠᠶᠢᠵᠢᠷᠠᠭᠤᠯᠵᠤ᠂ ᠪᠤᠳᠠᠳᠤ ᠦᠷ᠎ᠡ ᠪᠦᠳᠦᠮᠵᠢ | ᠭᠠᠷᠭᠠᠬᠤ ᠶᠢ ᠪᠠᠳᠤᠯᠠᠨ᠎ᠠ᠃ ᠲᠦᠪᠯᠡᠷᠡᠬᠦᠯᠦᠨ ᠪᠠᠬᠢᠯᠡᠯᠳᠡ ᠰᠢᠪᠳᠤᠯᠬᠤ ᠶᠢ ᠴᠢᠨᠠᠬᠰᠢᠳᠠ ᠴᠢᠩᠭᠠᠷᠠᠭᠤᠯᠤᠨ᠂ ᠤᠷᠳᠤ | ᠬᠤᠭᠤᠴᠠᠭᠠᠨ ᠤ ᠪᠦᠳᠦᠮᠵᠢᠳᠡᠢ ᠪᠠᠶᠢᠩᠭᠤ ᠶᠢᠨ ᠴᠡᠭᠴᠡᠯᠡᠨ ᠵᠠᠰᠠᠯᠳᠠ ᠶᠢ ᠴᠢᠨᠠᠬᠰᠢᠳᠠ ᠠᠬᠢᠭᠤᠯᠤᠨ᠂ | ᠱᠠᠯᠠᠪᠳᠠᠭᠤᠯᠤᠨ ᠵᠢᠯᠤᠭᠤᠳᠴᠤ ᠬᠢᠨᠠᠯᠳᠠ ᠲᠠᠯᠪᠢᠬᠤ ᠶᠠᠪᠤᠳᠠᠯ ᠢ ᠬᠦᠯᠢᠶᠡᠨ ᠠᠪᠬᠤ ᠪᠠᠷ ᠴᠢᠬᠤᠯᠠ ᠤᠯᠤᠰ | ᠲᠦᠷᠦ ᠶᠢᠨ ᠡᠬᠦᠷᠬᠡ ᠪᠤᠯᠤᠨ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ᠲᠤᠰᠬᠠᠢ ᠲᠡᠮᠡᠴᠡᠯ ᠢ | ᠦᠷᠬᠦᠯᠵᠢᠯᠡᠨ ᠬᠦᠨᠵᠡᠬᠡᠢ ᠦᠷᠨᠢᠬᠦᠯᠬᠦ ᠶᠢ ᠠᠬᠢᠭᠤᠯᠬᠤ ᠴᠢᠬᠤᠯᠠ ᠠᠵᠠ ᠲᠤᠬᠢᠶᠠᠯ ᠪᠤᠯᠤᠨ ᠬᠦᠴᠦᠷᠭᠡᠭ ᠶᠡᠭᠡ | ᠬᠦᠳᠡᠯᠬᠡᠬᠦ ᠬᠦᠴᠦᠨ ᠪᠤᠯᠭᠠᠵᠤ᠂ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠡᠯ᠎ᠡ ᠲᠦᠷᠦᠯ ᠤᠨ ᠠᠵᠢᠯ ᠤᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠳᠤᠷ ᠨᠠᠶᠢᠳᠠᠪᠤᠷᠢᠵᠢᠭᠤᠯᠵᠤ᠂ ᠤᠷᠤᠨ ᠤ ᠲᠦᠪ ᠬᠤᠳᠠ ᠶᠢᠨ ᠠᠵᠤ | ᠠᠬᠤᠢ ᠨᠡᠶᠢᠬᠡᠮ ᠤᠨ ᠬᠦᠭᠵᠢᠯᠳᠡ ᠳᠤ ᠦᠨᠡᠨ ᠬᠦ ᠰᠠᠶᠢᠨ ᠰᠠᠶᠢᠬᠠᠨ ᠨᠡᠶᠢᠬᠡᠮ ᠤᠨ ᠤᠷᠴᠢᠨ ᠲᠤᠭᠤᠷᠢᠨ ᠢ ᠪᠤᠢ | ᠪᠤᠯᠭᠠᠨ᠎ᠠ ᠬᠡᠵᠦ ᠵᠢᠭᠠᠵᠤ ᠭᠠᠷᠭᠠᠵᠠᠢ᠃ | | |