11 ᠰᠠᠷ᠎ᠠ ᠶᠢᠨ 5 ᠤ ᠡᠳᠦᠷ᠂ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ | ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠱᠠᠩᠬᠠᠢ ᠶᠢᠨ ᠤᠯᠤᠰ ᠤᠨ ᠬᠤᠷᠠᠯ | ᠦᠵᠡᠰᠬᠦᠯᠡᠩ ᠤᠨ ᠲᠦᠪ ᠲᠤ ᠡᠬᠢᠯᠡᠪᠡ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠧᠠ | ᠡᠬᠢᠯᠡᠯᠳᠡ ᠶᠢᠨ ᠶᠤᠰᠤᠯᠠᠯ ᠳᠤ ᠤᠷᠤᠯᠴᠠᠬᠤ ᠶᠢᠨ ᠬᠠᠮᠳᠤ᠂ 11 ᠰᠠᠷ᠎ᠠ ᠶᠢᠨ 4 ᠤ ᠡᠳᠦᠷ ᠱᠠᠩᠬᠠᠢ ᠳᠤ | ᠶᠠᠪᠤᠬᠳᠠᠬᠰᠠᠨ ᠲᠤᠮᠳᠠᠳᠤ ᠮᠤᠩᠭᠤᠯ ᠤᠨ ᠠᠵᠦ ᠠᠬᠤᠢ ᠶᠢᠨ ᠬᠤᠩᠬᠢᠯ ᠤᠨ ᠠᠭᠤᠷᠬᠠᠢ ᠶᠢ ᠨᠢᠬᠡ ᠴᠤᠬᠴᠠᠵᠢᠭᠤᠯᠬᠤ | ᠲᠦᠷᠦᠯ ᠵᠦᠢᠯ ᠤᠨ ᠭᠡᠷ᠎ᠠ ᠲᠤᠬᠳᠠᠬᠤ ᠶᠤᠰᠤᠯᠠᠯ ᠳᠤ ᠤᠷᠤᠯᠴᠠᠵᠠᠢ᠃ | ᠭᠡᠷ᠎ᠠ ᠲᠤᠬᠳᠠᠬᠤ ᠶᠤᠰᠤᠯᠠᠯ ᠲᠡᠬᠡᠷ᠎ᠠ᠂ ᠲᠤᠮᠳᠠᠳᠤ ᠤᠯᠤᠰ ᠤᠨ ᠤᠮᠠᠷᠠᠳᠤ ᠶᠢᠨ ᠠᠵᠦ ᠦᠢᠯᠡᠳᠪᠦᠷᠢ ᠶᠢᠨ | ᠺᠤᠮᠫᠠᠨᠢ ᠨᠢ ᠮᠤᠩᠭᠤᠯ ᠤᠯᠤᠰ ᠤᠨ ETT ᠺᠤᠮᠫᠠᠨᠢ᠂ TTJV ᠺᠤᠮᠫᠠᠨᠢ᠂ ᠪᠤᠭᠤᠳᠤ ᠬᠤᠳᠠ ᠶᠢᠨ ᠵᠠᠰᠠᠬ ᠤᠨ | ᠤᠷᠳᠤᠨ᠂ ᠪᠤᠭᠤᠳᠤ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠶᠢᠨ ᠵᠠᠰᠠᠬ ᠤᠨ ᠤᠷᠳᠤᠨ ᠲᠠᠢ | ᠲᠤᠰ ᠲᠤᠰ ᠬᠠᠮᠳᠤᠷᠠᠯᠴᠠᠭᠠᠨ ᠤ ᠪᠦᠲᠦᠬᠦᠪᠴᠢ ᠵᠦᠪᠯᠡᠯᠴᠡᠬᠡᠷ᠂ ᠦᠢᠯᠡᠴᠢᠯᠡᠭᠡ ᠶᠢ ᠬᠤᠪᠢᠶᠠᠨ ᠲᠠᠭᠠᠭᠠᠴᠢᠯᠠᠭᠤᠯᠬᠤ | ᠵᠦᠪᠯᠡᠯᠴᠡᠬᠡᠷ ᠲᠤᠬᠳᠠᠬᠰᠠᠨ ᠪᠠᠶᠢᠨ᠎ᠠ᠃ ᠡᠨᠡ ᠤᠳᠠᠭ᠎ᠠ ᠭᠡᠷ᠎ᠠ ᠲᠤᠬᠳᠠᠬᠰᠠᠨ ᠠᠭᠤᠷᠬᠠᠢ ᠶᠢ ᠨᠢᠬᠡ ᠴᠤᠬᠴᠠᠵᠢᠭᠤᠯᠬᠤ | ᠲᠦᠷᠦᠯ ᠵᠦᠢᠯ ᠨᠢ ᠮᠤᠩᠭᠤᠯ ᠤᠯᠤᠰ ᠤᠨ ᠲᠠᠪᠤᠨᠲᠤᠯᠤᠭᠠᠢ ᠨᠡᠬᠦᠷᠡᠰᠤᠨ ᠠᠭᠤᠷᠬᠠᠢ ᠶᠢᠨ ᠦᠢᠯᠡᠳᠪᠦᠷᠢᠯᠡᠯ ᠤᠨ | ᠴᠢᠳᠠᠪᠤᠷᠢ ᠶᠢ ᠵᠢᠯ ᠪᠦᠷᠢ 1500 ᠲᠦᠮᠡᠨ ᠲᠤᠨ ᠨᠡᠮᠡᠭᠳᠡᠬᠦᠯᠬᠦ ᠪᠤᠯᠤᠨ᠎ᠠ᠃ ᠲᠤᠰ ᠲᠦᠷᠦᠯ ᠵᠦᠢᠯ ᠨᠢ ᠪᠠᠰᠠ | ᠬᠡᠤᠷᠡᠰᠤ ᠶᠢ ᠬᠢᠯᠢ ᠠᠯᠤᠰᠯᠠᠵᠦ ᠲᠡᠬᠡᠬᠡᠪᠦᠷᠢᠯᠡᠬᠦ᠂ ᠪᠤᠭᠤᠮᠳᠠ ᠭᠠᠳᠤᠯᠬᠤ ᠵᠢᠴᠢ ᠬᠦᠮᠦᠷᠬᠡᠯᠡᠯᠳᠡ ᠪᠠᠷᠠᠭᠠᠨ ᠤ | ᠬᠦᠢᠯᠬᠡᠬᠡ ᠪᠠ ᠲᠤᠮᠳᠠᠳᠤ ᠤᠯᠤᠰ ᠤᠨ ᠬᠢᠯᠢ ᠲᠤᠳᠤᠷ᠎ᠠ ᠪᠤᠷᠤᠯᠠᠭᠤᠯᠬᠤ ᠵᠡᠷᠬᠡ ᠬᠠᠷᠠᠭᠠᠯᠵᠠᠬᠰᠠᠨ ᠢᠵᠢ | ᠪᠦᠷᠢᠳᠦᠭᠰᠡᠨ ᠲᠦᠬᠦᠬᠡᠷᠦᠮᠵᠢ ᠶᠢ ᠪᠦᠲᠦᠬᠡᠨ ᠪᠠᠶᠢᠭᠤᠯᠵᠦ᠂ ᠶᠡᠷᠦᠩᠬᠡᠢ ᠪᠡᠯᠡ ᠤᠷᠤᠭᠤᠯᠤᠯᠳᠠ ᠪᠠ ᠪᠡᠯᠡ | ᠬᠤᠷᠠᠮᠳᠤᠭᠤᠯᠭ᠎ᠠ ᠨᠢ 5 ᠳ᠋ᠦᠩᠰᠢᠭᠤᠷ ᠳ᠋ᠤᠯᠯᠠᠷ ᠢ ᠲᠠᠪᠠᠨ᠂ 3 ᠵᠢᠯ ᠤᠨ ᠲᠤᠳᠤᠷ᠎ᠠ ᠲᠤᠰ ᠲᠦᠷᠦᠯ ᠵᠦᠢᠯ ᠢ | ᠠᠰᠢᠬᠯᠠᠯᠳᠠ ᠳᠤ ᠤᠷᠤᠭᠤᠯᠬᠤ ᠪᠠᠷ ᠲᠦᠯᠦᠪᠯᠡᠵᠦ ᠪᠤᠢ᠃ ᠲᠤᠰ ᠲᠦᠷᠦᠯ ᠵᠦᠢᠯ ᠨᠢ ᠪᠠᠰᠠ ᠮᠠᠨ ᠤ ᠤᠷᠤᠨ ᠤ | ᠠᠭᠤᠷᠬᠠᠢ ᠳᠤ ᠬᠡᠷᠡᠭᠯᠡᠬᠦ ᠮᠠᠰᠢᠨ ᠲᠡᠷᠬᠡ᠂ ᠬᠦᠨᠳᠤ ᠠᠴᠢᠶᠠᠨ ᠤ ᠮᠠᠰᠢᠨ ᠲᠡᠷᠬᠡ ᠵᠡᠷᠬᠡ ᠲᠤᠨᠤᠬᠯᠠᠯ ᠢ ᠶᠡᠭᠡ | ᠬᠡᠪᠴᠢᠶ᠎ᠡ ᠪᠠᠷ ᠭᠠᠳᠠᠭᠠᠳᠤ ᠳᠤ ᠭᠠᠷᠭᠠᠬᠤ ᠶᠢ ᠲᠠᠶᠢᠴᠢᠯᠠᠬᠤ ᠶᠢᠨ ᠬᠠᠮᠳᠤ᠂ ᠲᠤᠮᠳᠠᠳᠤ ᠮᠤᠩᠭᠤᠯ ᠤᠨ ᠡᠨᠧᠷᠬᠢ ᠶᠢᠨ | ᠠᠵᠦ ᠦᠢᠯᠡᠰ ᠤᠨ ᠬᠠᠮᠳᠤᠷᠠᠯᠴᠠᠭ᠎ᠠ᠂ ᠵᠠᠮ ᠬᠠᠷᠢᠯᠴᠠᠭ᠎ᠠ ᠬᠢᠬᠡᠳ ᠠᠵᠦ ᠠᠬᠤᠢ ᠠᠷᠠᠯᠵᠢᠶ᠎ᠠ ᠶᠢᠨ ᠬᠤᠯᠪᠤᠯᠳᠤᠨ | ᠨᠡᠪᠲᠡᠷᠡᠯᠴᠡᠬᠦ ᠳᠤ ᠠᠰᠢᠬᠳᠠᠢ ᠪᠠᠶᠢᠵᠦ᠂ ᠮᠠᠨ ᠤ ᠤᠷᠤᠨ ᠤ ᠬᠢᠯᠢ ᠶᠢᠨ ᠪᠤᠭᠤᠮᠳᠠ ᠶᠢᠨ ᠠᠵᠦ ᠠᠬᠤᠢ ᠶᠢᠨ | ᠬᠦᠭᠵᠢᠯᠳᠡ ᠶᠢ ᠠᠬᠢᠭᠤᠯᠬᠤ ᠪᠤᠯᠤᠨ᠎ᠠ᠃ |