ᠮᠠ ᠰᠢᠤᠸᠠᠢ ᠵᠢᠶᠦ᠋ᠨ ᠵᠠᠯᠠᠶᠢᠳ ᠬᠤᠰᠢᠭᠤᠨ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠢᠯᠠᠯᠳᠠ ᠤᠯᠵᠦ ᠴᠢᠨᠠᠷ ᠰᠠᠶᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠬᠤ ᠭᠡᠷᠡᠭᠲᠡᠢ
ᠨᠡᠶᠢᠲᠡᠯᠡᠭᠰᠡᠨ ᠴᠠᠭ᠄
2019/11/7
     11 ᠰᠠᠷ᠎ᠠ ᠶᠢᠨ 6᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠠᠢ᠃      ᠮᠠ ᠰᠢᠤᠸᠠᠢ ᠵᠢᠶᠦ᠋ᠨ ᠤᠷᠢᠳ ᠬᠤᠵᠢᠳ ᠳ᠋ᠦ᠋ ᠮᠸᠢ ᠮᠠᠯᠵᠢᠯ ᠤᠨ ᠦᠢᠯᠡᠰ᠂ ᠪᠠᠶᠠᠨᠭᠤᠤᠯ ᠪᠠᠯᠭᠠᠰᠤᠨ ᠤ ᠶᠦᠩ ᠾᠧ ᠲᠤᠰᠬᠤᠨ᠂ ᠪᠠᠶᠠᠨᠭᠤᠤᠯ ᠤᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠵᠤ᠂ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠲᠦᠷᠦᠯ ᠵᠦᠢᠯ᠂ ᠶᠠᠳᠠᠭᠤ ᠶᠢ ᠳᠡᠳᠭᠦᠬᠦ ᠪᠡᠯᠡ ᠮᠦᠩᠭᠦ ᠶᠢᠨ ᠬᠠᠮᠢᠶᠠᠷᠤᠯᠳᠠ ᠪᠤᠯᠤᠨ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠵᠤ᠂ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠤᠨ ᠭᠡᠰᠢᠭᠦᠳ ᠪᠤᠯᠤᠨ ᠶᠠᠳᠠᠭᠤ ᠬᠦᠴᠢᠷᠳᠡᠯᠳᠠᠢ ᠤᠯᠠᠨ ᠲᠦᠮᠡᠨ ᠢ ᠲᠤᠬᠤᠨᠢᠭᠤᠯᠪᠠ᠃      ᠮᠠ ᠰᠢᠤᠸᠠᠢ ᠵᠢᠶᠦ᠋ᠨ᠂ ︽ᠤᠭ ᠰᠠᠨᠠᠭ᠎ᠠ ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠲᠠᠢ ᠤᠶᠠᠯᠳᠤᠭᠤᠯᠵᠤ᠂ ︽ᠳᠦᠷᠪᠡᠨ ᠤᠬᠠᠮᠰᠠᠷ︾᠎ ᠢᠶᠠᠨ ᠳᠡᠭᠡᠭᠰᠢᠯᠡᠭᠦᠯᠵᠤ᠂ ︽ᠳᠦᠷᠪᠡᠨ ᠢᠳᠡᠭᠡᠯ︾᠎ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠤ᠂ ᠤᠨᠢᠨ ᠳᠡᠭᠡᠷ᠎ᠠ ᠨᠢ ᠶᠠᠳᠠᠭᠤ ᠶᠢ ᠳᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠳᠤᠷ ᠬᠢᠬᠦ ᠶᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠠᠢ᠃ ᠠᠵᠤ ᠦᠢᠯᠡᠰ ᠤᠨ ᠬᠦᠭᠵᠢᠯᠳᠡ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠦᠵᠡᠭᠦᠯᠬᠦ ᠠᠬᠢᠭᠤᠯᠬᠤ ᠦᠢᠯᠡᠳᠦᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠲᠦᠷᠦᠯ ᠵᠦᠢᠯ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠡᠭᠦᠳᠬᠦ ᠠᠵᠢᠯ ᠢᠶᠠᠷ ᠭᠤᠤᠯᠳᠠᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠵᠠᠭᠠᠢᠢᠷᠠᠭᠤᠯᠤᠨ ᠬᠦᠴᠦᠷᠬᠡᠭᠵᠢᠭᠦᠯᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠢ ᠳᠠᠭᠠᠭᠤᠯᠤᠨ ᠲᠤᠭᠳᠠᠭᠤᠨ ᠢᠶᠠᠷ ᠤᠷᠤᠯᠭ᠎ᠠ ᠶᠢ ᠨᠢ ᠨᠡᠮᠡᠭᠳᠡᠭᠦᠯᠵᠤ ᠪᠠᠶᠠᠵᠢᠭᠤᠯᠤᠨ ᠴᠢᠨᠡᠭᠡᠯᠢᠭᠵᠢᠭᠦᠯᠬᠦ ᠬᠡᠷᠡᠭᠳᠠᠢ᠃ ᠶᠠᠳᠠᠭᠤ ᠶᠢ ᠳᠡᠳᠭᠦᠬᠦ ᠪᠡᠯᠡ ᠮᠦᠩᠭᠦ ᠠᠴᠠ ᠪᠦᠷᠢᠯᠳᠦᠭᠰᠡᠨ ᠬᠦᠷᠦᠩᠭᠡ ᠶᠢᠨ ᠬᠠᠮᠢᠶᠠᠷᠤᠯᠳᠠ ᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠤ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠳᠡᠳᠭᠦᠬᠦ ᠪᠡᠯᠡ ᠮᠦᠩᠭᠦ ᠠᠴᠠ ᠪᠦᠷᠢᠯᠳᠦᠭᠰᠡᠨ ᠬᠦᠷᠦᠩᠭᠡ ᠶᠢᠨ ᠨᠡᠩ ᠶᠡᠭᠡ ᠦᠢᠯᠡᠳᠦᠯ ᠪᠠᠳᠠᠷᠠᠭᠤᠯᠬᠤ ᠶᠢ ᠪᠠᠳᠤᠯᠠᠬᠤ ᠬᠡᠷᠡᠭᠳᠠᠢ᠃ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠳᠤᠮᠳᠠᠬᠢ ᠪᠠᠭᠤᠷᠠᠢ ᠭᠤᠭᠴᠤᠭ᠎ᠠ ᠪᠠᠷ ᠭᠤᠤᠯᠳᠠᠭᠤᠯᠵᠤ᠂ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠪᠤᠯᠤᠨ ᠤᠯᠤᠰ ᠤᠨ ᠣᠨ ᠤ ᠦᠷ᠎ᠠ ᠪᠦᠲᠦᠮᠵᠢ ᠶᠢᠨ ᠰᠢᠯᠭᠠᠨ ᠦᠨᠡᠯᠡᠯᠳᠡ ᠠᠴᠠ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠢ ᠰᠢᠯᠭᠠᠨ ᠨᠤᠳᠠᠯᠠᠬᠤ ᠪᠡᠯᠡᠳᠭᠡᠯ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠳᠤᠳᠠᠭᠳᠠᠵᠦ ᠤᠷᠬᠢᠭᠳᠠᠭᠰᠠᠨ ᠢ ᠨᠦᠬᠦᠪᠦᠷᠢᠯᠡᠵᠤ᠂ ᠲᠡᠭᠦᠯᠳᠡᠷᠵᠢᠭᠦᠯᠦᠨ ᠳᠡᠭᠡᠭᠰᠢᠯᠡᠭᠦᠯᠵᠤ᠂ ᠵᠢᠯ ᠤᠨ ᠡᠴᠦᠰ ᠪᠤᠯᠳᠠᠯ᠎ᠠ ᠶᠠᠳᠠᠭᠤ ᠠᠴᠠ ᠠᠩᠭᠢᠵᠢᠷᠠᠭᠤᠯᠬᠤ ᠬᠠᠷᠠᠯᠳᠠ ᠪᠠᠨ ᠪᠡᠶᠡᠯᠡᠭᠦᠯᠭᠦ ᠬᠡᠷᠡᠭᠳᠠᠢ ᠭᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号