ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠰᠠᠶᠢᠳ ᠮᠢᠶᠣᠣ ᠸᠧᠢ ᠨᠡᠷ ᠬᠥᠬᠡᠬᠤᠲᠠ ᠳᠤ ᠪᠠᠶᠢᠴᠠᠭᠠᠨ ᠰᠤᠳᠤᠯᠤᠯᠳᠠ ᠬᠢᠪᠡ ᠪᠦ᠋ ᠰᠢᠶᠣᠤ ᠯᠢᠨ ᠨᠡᠷ ᠬᠠᠮᠲᠤ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2019/11/8
     11 ᠰᠠᠷ᠎ᠠ ᠶᠢᠨ 7᠎ ᠤ ᠦᠳᠡ ᠶᠢᠨ ᠬᠤᠶᠢᠨ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠶᠠᠮᠤᠨ ᠤ ᠰᠠᠶᠢᠳ ᠮᠢᠶᠣᠣ ᠸᠧᠢ ᠨᠡᠷ ᠬᠥᠬᠡᠬᠤᠲᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠡ᠃      ᠥᠪᠥᠷ ᠮᠣᠩᠭᠤᠯ ᠤᠨ ᠵᠥᠩ ᠬᠤᠸᠠᠨ ᠭᠡᠷᠡᠯᠴᠢ ᠴᠡᠨᠡᠭ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠮᠢᠶᠣᠣ ᠸᠧᠢ ᠥᠪᠥᠷ ᠮᠣᠩᠭᠤᠯ ᠤᠨ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠤᠨ ᠡᠯ᠎ᠡ ᠬᠦᠷᠢᠶ᠎ᠠ ᠴᠠᠷᠠᠭ᠎ᠠ ᠶᠢᠨ ᠬᠥᠭᠵᠢᠯᠲᠡ ᠶᠢᠨ ᠪᠠᠶᠢᠳᠠᠯ ᠪᠤᠯᠤᠨ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠭᠤᠷᠢᠭ ᠪᠤᠯᠤᠨ ᠰᠤᠳᠤᠯᠤᠨ ᠬᠦᠭᠵᠢᠬᠦᠯᠬᠦ ᠲᠣᠭᠤᠷᠢᠭ ᠢᠶᠠᠷ ᠲᠣᠭᠤᠷᠢᠨ ᠦᠵᠡᠭᠡᠳ ᠵᠥᠩ ᠬᠤᠸᠠᠨ ᠺᠤᠮᠫᠠᠨᠢ ᠨᠢᠭᠡᠨᠲᠡ ᠳᠥᠷᠪᠡᠨ ᠬᠤᠭᠤᠴᠠᠭᠠᠨ ᠤ ᠪᠦᠳᠦᠬᠡᠨ ᠪᠠᠶᠢᠭᠤᠯᠤᠯᠲᠠ ᠶᠢ ᠳᠠᠭᠤᠰᠬᠠᠨ ᠲᠠᠪᠤᠳᠤᠭᠠᠷ ᠬᠤᠭᠤᠴᠠᠭᠠᠨ ᠤ ᠲᠥᠷᠥᠯ ᠵᠦᠢᠯ ᠢ ᠶᠠᠭ ᠪᠦᠳᠦᠭᠡᠨ ᠪᠠᠶᠢᠭᠤᠯᠵᠦ᠂ ᠣᠳᠣᠬᠠᠨ ᠳᠤ ᠨᠢᠭᠡᠨᠲᠡ ᠪᠦᠬᠦ ᠪᠥᠮᠪᠥᠷᠴᠡᠭ ᠤᠨ ᠶᠠᠰᠤ ᠴᠢᠨᠠᠷ ᠢᠶᠠᠷ ᠬᠠᠮᠤᠭ ᠤᠨ ᠰᠢᠯᠢᠳᠡᠭ᠂ ᠳᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠥᠨᠳᠥᠷ ᠪᠦᠲᠦᠮᠵᠢᠲᠡᠶ ᠳᠠᠩ ᠲᠠᠯᠠᠰᠲᠤ ᠴᠠᠬᠢᠭᠤᠷ ᠤᠨ ᠲᠠᠯᠠᠰᠳᠦ ᠦᠢᠯᠡᠳᠬᠦ ᠰᠠᠭᠤᠷᠢᠨ ᠪᠤᠯᠤᠭᠰᠠᠨ ᠢ ᠤᠢᠢᠯᠠᠭᠠᠪᠠ᠂ ᠮᠢᠶᠣᠣ ᠸᠧᠢ ᠠᠵᠤ ᠠᠬᠤᠢᠢᠯᠠᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠠᠵᠤ ᠠᠬᠤᠢᠢᠯᠠᠯ ᠤᠨ ᠬᠢᠨ ᠢ ᠥᠪᠥᠷ ᠮᠣᠩᠭᠤᠯ ᠤᠨ ᠡᠬᠢ ᠪᠠᠶᠠᠯᠢᠭ ᠤᠨ ᠲᠠᠪᠠᠭᠤᠯᠢᠬ ᠢ ᠰᠠᠶᠢᠲᠤᠷ ᠠᠰᠢᠬᠯᠠᠨ᠂ ᠭᠡᠷᠡᠯᠴᠢ ᠴᠡᠨᠡᠭ ᠤᠨ ᠠᠵᠤ ᠦᠢᠯᠡᠰ ᠪᠣᠯᠤᠨ ᠬᠠᠭᠠᠰ ᠳᠠᠮᠵᠢᠭᠤᠯᠤᠬᠴᠢ ᠶᠢᠨ ᠠᠵᠤ ᠦᠢᠯᠡᠰ ᠤᠨ ᠬᠤᠤᠰ ᠠᠵᠤ ᠦᠢᠯᠡᠰ ᠤᠨ ᠬᠡᠯᠬᠢᠶ᠎ᠡ ᠶᠢ ᠬᠠᠷᠢᠯᠴᠠᠨ ᠠᠬᠢᠭᠤᠯᠤᠨ ᠬᠠᠷᠢᠯᠴᠠᠨ ᠲᠤᠯᠭᠠᠭᠤᠷᠢᠯᠠᠭᠤᠯᠵᠦ᠂ ᠭᠡᠷᠡᠯᠴᠢ ᠴᠡᠨᠡᠭ ᠤᠨ ᠠᠵᠢᠯ ᠲᠥᠷᠥᠯ ᠢ ᠳᠠᠭᠠᠭᠤᠯᠤᠨ ᠰᠢᠨ᠎ᠡ ᠴᠠᠭ ᠦᠶ᠎ᠠ ᠳᠤ ᠣᠷᠣᠭᠤᠯᠵᠤ᠂ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠡᠷᠡᠢ ᠭᠡᠵᠦ ᠵᠣᠷᠢᠭᠵᠢᠭᠤᠯᠪᠠ᠃      ᠥᠪᠥᠷ ᠮᠣᠩᠭᠤᠯ ᠤᠨ ᠢᠯᠢ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠮᠢᠶᠣᠣ ᠸᠧᠢ ᠣᠳᠣᠬᠢᠴᠢᠯᠠᠭᠰᠠᠨ ᠴᠠᠭᠠᠨ ᠢᠳᠡᠬᠡᠨ ᠤ ᠦᠢᠯᠡᠳᠪᠦᠷᠢᠯᠡᠯ ᠤᠨ ᠱᠤᠭᠤᠮ ᠢ ᠲᠣᠭᠤᠷᠢᠨ ᠦᠵᠡᠬᠦ ᠶᠢᠨ ᠲᠠᠭᠠᠤ ᠠᠵᠤ ᠠᠬᠤᠢᠢᠯᠠᠯ ᠤᠨ ᠰᠤᠳᠤᠯᠤᠨ ᠬᠦᠭᠵᠢᠬᠦᠯᠦᠯᠳᠡ᠂ ᠦᠢᠯᠡᠳᠪᠤᠷᠢᠯᠡᠯ ᠪᠠ ᠪᠤᠷᠤᠯᠠᠭᠤᠯᠭ᠎ᠠ ᠵᠡᠷᠭᠡ ᠪᠠᠶᠢᠳᠠᠯ ᠢ ᠨᠢ ᠨᠠᠷᠢᠨ ᠠᠰᠠᠭᠤᠪᠠ᠃ ᠢᠯᠢ ᠪᠦᠯᠦᠭᠯᠡᠯ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠡᠵᠡᠩᠨᠡᠯᠲᠡ ᠶᠢᠨ ᠣᠷᠣᠯᠭ᠎ᠠ ᠪᠠ ᠴᠡᠪᠡᠷ ᠠᠰᠢᠭ ᠤᠯᠵᠠᠪᠤᠷᠢ ᠶᠢᠨ ᠲᠠᠯ᠎ᠠ ᠪᠠᠷ ᠥᠨᠳᠥᠷ ᠲᠦᠪᠰᠢᠨ ᠲᠠᠢ ᠬᠤᠤᠰ ᠨᠡᠮᠡᠭᠳᠡᠯ ᠢ ᠪᠡᠶᠡᠯᠡᠭᠦᠯᠵᠦ᠂ ᠡᠳ᠋ ᠬᠥᠷᠥᠩᠭᠡ ᠶᠢᠨ ᠴᠡᠪᠡᠷ ᠠᠰᠢᠭ ᠣᠷᠣᠯᠭ᠎ᠠ ᠶᠢᠨ ᠨᠣᠷᠮ᠎ᠠ ᠨᠢ ᠦᠷᠬᠦᠯᠵᠢᠯᠡᠨ ᠪᠦᠬᠦ ᠪᠥᠮᠪᠥᠷᠴᠡᠭ ᠤᠨ ᠰᠦᠨ ᠤ ᠦᠢᠯᠡᠰ ᠤᠨ ᠲᠦᠷᠦᠬᠦᠨ ᠳᠤ ᠤᠷᠤᠵᠤ ᠪᠠᠶᠢᠬᠤ ᠶᠢ ᠰᠣᠨᠣᠰᠤᠭᠠᠳ ᠮᠢᠶᠣᠣ ᠸᠧᠶ᠂ ᠨᠢᠭᠡᠨᠲᠡ ᠪᠦᠬᠦ ᠪᠥᠮᠪᠥᠷᠴᠡᠭ ᠤᠨ ᠰᠦᠨ ᠤ ᠦᠢᠯᠡᠰ ᠤᠨ ᠬᠤᠰᠢᠭᠤᠴᠢ ᠡᠩᠨᠡᠭᠡᠨ ᠳᠤ ᠯᠠᠪᠳᠠᠭᠤᠨ ᠰᠠᠭᠤᠷᠢᠰᠢᠬᠰᠠᠨ ᠢᠯᠢ ᠪᠦᠯᠦᠭᠯᠡᠯ ᠤᠨ ᠬᠢᠨ ᠪᠦᠬᠦ ᠪᠥᠮᠪᠥᠷᠴᠡᠭ ᠤᠨ ᠵᠠᠬ᠎ᠠ ᠳᠡᠯᠭᠡᠬᠦᠷ ᠤᠨ ᠦᠷᠢᠰᠦᠯᠳᠦᠭᠡᠨ ᠤ ᠡᠮᠦᠨ᠎ᠡ ᠰᠢᠨ᠎ᠠ ᠨᠢᠭᠡ ᠦᠶ᠎ᠠ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠶᠢ ᠳᠠᠭᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠮᠢᠶᠠᠷᠤᠯᠲᠠ ᠎ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠠᠬᠢᠴᠠ ᠶᠢ ᠭᠦᠨᠵᠡᠭᠡᠶ ᠠᠬᠢᠭᠤᠯᠵᠤ᠂ ᠤᠶᠤᠨᠲᠤ ᠰᠦᠨ ᠤ ᠦᠢᠯᠡᠰ ᠢ ᠴᠤᠬᠴᠠᠯᠠᠨ᠂ ᠠᠵᠢᠯ ᠲᠥᠷᠥᠯ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠶᠢ ᠬᠦᠰᠡᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠠᠮᠲᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号