ᠪᠦᠬᠦ ᠤᠷᠤᠨ ᠤ ᠬᠡᠷᠡᠭᠯᠡᠭᠡ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠵᠠᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2019/11/8
     11 ᠰᠠᠷ᠎ᠠ ᠶᠢᠨ 7᠎ ᠤ ᠡᠳᠦᠷ᠂ ᠪᠦᠬᠦ ᠤᠷᠤᠨ ᠤ ᠬᠡᠷᠡᠭᠯᠡᠭᠡ ᠶᠢ ᠠᠬᠢᠭᠤᠯᠬᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃      ᠪᠦ᠋ ᠰᠢᠶᠤᠤ ᠯᠢᠨ᠂ ᠬᠡᠷᠡᠭᠯᠡᠭᠡ ᠶᠢ ᠠᠬᠢᠭᠤᠯᠬᠤ ᠨᠢ ᠳᠤᠳᠤᠭᠠᠳᠤ ᠬᠡᠷᠡᠭᠴᠡᠭᠡ ᠶᠢᠨ ᠳᠠᠯᠳᠠ ᠬᠦᠴᠦᠨ ᠢ ᠬᠦᠭᠵᠢᠭᠡᠬᠦ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠪᠦᠷ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠬᠡᠷᠡᠭᠯᠡᠭᠡ ᠶᠢ ᠠᠬᠢᠭᠤᠯᠬᠤ ᠶᠢ ᠪᠠᠶᠢᠪᠠᠰᠤ ᠵᠤᠬᠢᠬᠤ ᠪᠠᠶᠢᠷᠢᠨ ᠳᠤ ᠲᠠᠯᠪᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ᠰᠠᠭᠤᠭᠠᠯᠢ ᠠᠷᠠᠳ ᠤᠨ ᠬᠡᠷᠡᠭᠯᠡᠭᠡ ᠶᠢ ᠳᠡᠰ ᠳᠡᠪᠰᠢᠭᠦᠯᠬᠦ ᠴᠢᠭᠯᠡᠯ ᠢᠶᠠᠷ ᠭᠤᠤᠯᠳᠠᠭᠤᠯᠵᠤ᠂ ᠪᠤᠳᠠᠳᠤ ᠪᠠᠷᠠᠭᠠᠨ ᠤ ᠬᠡᠷᠡᠭᠯᠡᠭᠡ ᠶᠢ ᠲᠠᠰᠤᠷᠠᠯᠳᠠ ᠦᠭᠡᠢ ᠳᠡᠰ ᠳᠡᠪᠰᠢᠭᠦᠯᠦᠨ᠂ ᠦᠢᠯᠡᠴᠢᠯᠡᠭᠡᠨ ᠤ ᠬᠡᠷᠡᠭᠯᠡᠭᠡ ᠶᠢᠨ ᠳᠤᠳᠠᠭᠤᠳᠠᠯ ᠢ ᠳᠠᠷᠤᠢ ᠲᠦᠷᠭᠡᠨ ᠨᠦᠬᠦᠪᠦᠷᠢᠯᠡᠵᠤ᠂ ᠰᠢᠨ᠎ᠠ ᠬᠡᠷᠡᠭᠯᠡᠭᠡ ᠶᠢᠨ ᠨᠡᠮᠡᠭᠳᠡᠯ ᠤᠨ ᠴᠡᠭ ᠢ ᠶᠡᠭᠡ ᠪᠠᠷ ᠪᠤᠶᠢᠵᠢᠭᠤᠯᠬᠤ ᠬᠡᠷᠡᠭᠳᠠᠢ᠃ ᠪᠦᠬᠦ ᠨᠡᠶᠢᠭᠡᠮ ᠤᠨ ᠪᠤᠬᠢᠷᠳᠤᠯ ᠦᠭᠡᠢ ᠬᠡᠷᠡᠭᠯᠡᠭᠡᠨ ᠤ ᠤᠬᠠᠮᠰᠠᠷ ᠢ ᠳᠡᠭᠡᠭᠰᠢᠯᠡᠭᠦᠯᠵᠤ᠂ ᠪᠤᠬᠢᠷᠳᠤᠯ ᠦᠭᠡᠢ ᠪᠦᠲᠦᠭᠡᠭᠳᠡᠭᠦᠨ ᠤ ᠤᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠳᠠᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠨ ︽ᠬᠡᠨ ᠬᠡᠷᠡᠭᠵᠢᠭᠦᠯᠪᠡᠯ ᠬᠡᠨ ᠬᠠᠷᠢᠭᠤᠴᠠᠬᠤ︾ ᠵᠠᠷᠴᠢᠮ ᠶᠤᠰᠤᠭᠠᠷ᠂ ᠬᠡᠷᠡᠭᠯᠡᠭᠡ ᠶᠢ ᠠᠬᠢᠭᠤᠯᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢᠭᠡᠳ ᠨᠢᠭᠡ ᠪᠠᠷ ᠡᠮᠬᠢᠯᠡᠨ ᠪᠠᠶᠢᠴᠠᠭᠠᠵᠤ᠂ ᠪᠤᠳᠠᠳᠠᠢ ᠳᠤ ᠨᠠᠶᠢᠳᠠᠪᠤᠷᠢᠵᠢᠭᠤᠯᠤᠭᠠᠳᠤᠢ ᠪᠤᠯ ᠰᠢᠯᠳᠠᠭᠠᠨ ᠢ ᠨᠢ ᠵᠠᠳᠠᠯᠵᠦ᠂ ᠪᠦᠲᠦᠮᠵᠢᠳᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠠ ᠭᠠᠷᠭᠠᠬᠤ ᠬᠡᠷᠡᠭᠳᠠᠢ᠃ ᠬᠡᠷᠡᠭᠯᠡᠭᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠤᠭᠳᠠᠴᠠ ᠶᠢᠨ ᠰᠠᠭᠠᠳ ᠢ ᠲᠦᠷᠭᠡᠳᠬᠡᠨ ᠠᠷᠢᠯᠭᠠᠵᠤ᠂ ᠡᠯ᠎ᠠ ᠲᠦᠷᠦᠯ ᠤᠨ ᠠᠵᠤ ᠠᠬᠤᠢᠢᠯᠠᠯ ᠤᠨ ᠲᠦᠪ ᠭᠤᠤᠯᠴᠢ ᠪᠠᠷ ᠬᠡᠷᠡᠭᠯᠡᠭᠡ ᠶᠢᠨ ᠪᠦᠲᠦᠭᠡᠭᠳᠡᠭᠦᠨ ᠪᠠ ᠦᠢᠯᠡᠴᠢᠯᠡᠭᠡ ᠬᠠᠩᠭᠠᠬᠤ ᠵᠠᠬ᠎ᠠ ᠳᠡᠯᠭᠡᠭᠦᠷ ᠤᠨ ᠤᠷᠴᠢᠨ ᠢ ᠪᠤᠢ ᠪᠤᠯᠭᠠᠵᠤ᠂ ᠠᠵᠤ ᠠᠬᠤᠢᠢᠯᠠᠯ ᠢ ᠳᠠᠭᠠᠭᠤᠯᠵᠤ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠨ ᠮᠡᠷᠭᠡᠵᠢᠯ ᠤᠨ ᠰᠢᠨ᠎ᠠ ᠶᠢ ᠡᠭᠦᠳᠬᠦ᠂ ᠪᠦᠲᠦᠭᠡᠭᠳᠡᠭᠦᠨ ᠤ ᠰᠢᠨ᠎ᠠ ᠶᠢ ᠡᠭᠦᠳᠬᠦ ᠪᠠ ᠵᠠᠭᠪᠤᠷ ᠤᠨ ᠰᠢᠨ᠎ᠠ ᠶᠢ ᠡᠭᠦᠳᠬᠦ ᠶᠢ ᠠᠬᠢᠭᠤᠯᠵᠤ᠂ ᠬᠠᠩᠭᠠᠯᠭ᠎ᠠ ᠪᠠ ᠬᠡᠷᠡᠭᠴᠡᠭᠡ ᠶᠢᠨ ᠪᠦᠲᠦᠮᠵᠢᠳᠠᠢ ᠵᠤᠯᠭᠠᠯᠴᠠᠭ᠎ᠠ ᠶᠢ ᠪᠠᠳᠤᠯᠠᠨ᠂ ᠴᠢᠨᠠᠷ ᠰᠠᠶᠢᠳᠠᠢ ᠪᠦᠲᠦᠭᠡᠭᠳᠡᠭᠦᠨ ᠪᠠ ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠪᠦᠲᠦᠮᠵᠢᠳᠠᠢ ᠬᠦᠭᠵᠢᠭᠡᠬᠦ ᠬᠡᠷᠡᠭᠳᠠᠢ᠃ ᠪᠦᠲᠦᠭᠡᠭᠳᠡᠭᠦᠨ ᠪᠤᠯᠤᠨ ᠦᠢᠯᠡᠴᠢᠯᠡᠭᠡ ᠶᠢᠨ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠴᠢᠬᠤᠯᠠ ᠪᠦᠲᠦᠭᠡᠭᠳᠡᠭᠦᠨ ᠤ ᠶᠠᠰᠤ ᠴᠢᠨᠠᠷ ᠤᠨ ᠮᠦᠷᠳᠡᠯᠳᠡ ᠶᠢᠨ ᠰᠢᠰᠲ᠋ᠧᠮ ᠢ ᠪᠠᠶᠢᠭᠤᠯᠵᠤ᠂ ᠢᠳᠡᠭᠡᠮᠵᠢ ᠶᠢᠨ ᠰᠢᠰᠲ᠋ᠧᠮ ᠪᠤᠯᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠤᠭᠳᠠᠴᠠ ᠶᠢ ᠲᠡᠭᠦᠯᠳᠡᠷᠵᠢᠭᠦᠯᠤᠨ᠂ ᠰᠠᠶᠢᠨ ᠰᠠᠶᠢᠬᠠᠨ ᠬᠡᠷᠡᠭᠯᠡᠭᠡ ᠶᠢᠨ ᠤᠷᠴᠢᠨ ᠢ ᠡᠭᠦᠳᠬᠦ ᠬᠡᠷᠡᠭᠳᠠᠢ ᠭᠡᠵᠤ ᠵᠢᠭᠠᠵᠤ ᠭᠠᠷᠭᠠᠪᠠ᠃      ᠪᠦ᠋ ᠰᠢᠶᠤᠤ ᠯᠢᠨ᠂ ᠬᠡᠷᠡᠭᠯᠡᠭᠡ ᠶᠢ ᠠᠬᠢᠭᠤᠯᠬᠤ ᠠᠵᠢᠯ ᠤᠨ ᠬᠤᠯᠪᠤᠭᠳᠠᠬᠤ ᠬᠦᠷᠢᠶ᠎ᠠ ᠴᠠᠷᠠᠭ᠎ᠠ ᠦᠷᠭᠡᠨ ᠪᠤᠯᠬᠤᠷ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠢᠭᠳᠠ ᠬᠠᠮᠵᠢᠯᠴᠠᠵᠤ᠂ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠳᠠᠢ᠃ ᠡᠯ᠎ᠠ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠤᠷᠳᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢ ᠴᠢᠩᠭᠠᠳᠬᠠᠨ᠂ ᠬᠡᠷᠡᠭᠯᠡᠭᠡ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠪᠠ᠃      ᠬᠤᠷᠠᠯ ᠳᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠪᠤᠳᠠᠳᠠᠢ ᠠᠵᠢᠯ ᠎ ᠤᠨ ᠪᠠᠶᠢᠷᠢᠯᠠᠭᠤᠯᠤᠯᠳᠠ ᠬᠢᠵᠤ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠬᠡᠰᠡᠭ ᠠᠶᠢᠮᠠᠭ ᠬᠤᠳᠠ᠂ ᠠᠵᠤ ᠠᠬᠤᠢᠢᠯᠠᠯ ᠤᠨ ᠬᠠᠷᠢᠭᠤᠴᠠᠯᠭᠠᠳᠠᠨ  ᠨᠦᠬᠦᠳ ᠦᠭᠡ ᠬᠡᠯᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号