ᠮᠠᠨ ᠤ ᠤᠷᠤᠨ ᠠᠰᠠᠭᠤᠳᠠᠯ ᠲᠠᠢ ᠬᠡᠷ ᠭᠠᠵᠠᠷ ᠤᠨ ᠬᠦᠷᠦᠩᠬᠡ ᠶᠢᠨ 1256 ᠲᠦᠷᠦᠯ ᠵᠦᠢᠯ ᠢ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2019/12/10
     ᠡᠨᠡ ᠵᠢᠯ ᠠᠴᠠ ᠨᠠᠭᠠᠰᠢ᠂ ᠮᠠᠨ ᠤ ᠤᠷᠤᠨ ︽ᠰᠦᠢᠳᠬᠡᠯ ᠪᠠ ᠦᠨᠡᠮᠯᠡᠯ ᠢ ᠰᠠᠯᠭᠠᠨ ᠬᠦᠢᠴᠡᠳᠬᠡᠬᠦ︾᠂ ︽ᠨᠡᠶᠢᠯᠡᠬᠦᠯᠵᠦ ᠬᠢᠨᠠᠨ ᠵᠦᠪᠰᠢᠶᠡᠷᠡᠬᠦ︾ ᠵᠡᠷᠬᠡ ᠠᠷᠭ᠎ᠠ ᠬᠡᠮᠵᠢᠶ᠎ᠠ ᠶᠢ ᠠᠪᠴᠤ ᠭᠡᠷ ᠭᠠᠵᠠᠷ ᠤᠨ ᠬᠦᠷᠦᠩᠬᠡ ᠶᠢᠨ ᠦᠯᠡᠳᠡᠭᠳᠡᠯ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ 11 ᠰᠠᠷ᠎ᠠ ᠶᠢᠨ ᠲᠤᠮᠳᠠᠴᠢ ᠪᠤᠯᠳᠠᠯ᠎ᠠ᠂ ᠪᠦᠬᠦ ᠤᠷᠤᠨ ᠤ ᠬᠡᠪᠴᠢᠶᠡᠨ ᠳᠤ ᠲᠦᠪᠬᠢᠨᠡᠬᠦᠯᠦᠭᠰᠡᠨ ᠠᠰᠠᠷ ᠪᠠᠶᠢᠰᠢᠩ ᠳᠤ ᠨᠡᠬᠦᠵᠦ ᠤᠷᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ ᠵᠡᠷᠬᠡ ᠠᠰᠠᠭᠤᠳᠠᠯ ᠤᠷᠤᠰᠢᠵᠦ ᠪᠠᠶᠢᠬᠰᠠᠨ ᠭᠡᠷ ᠭᠠᠵᠠᠷ ᠤᠨ ᠬᠦᠷᠦᠩᠬᠡ ᠶᠢᠨ 1256 ᠲᠦᠷᠦᠯ ᠵᠦᠢᠯ ᠢ ᠰᠢᠢᠳᠪᠦᠷᠢᠯᠡᠵᠡᠢ᠂ ᠡᠨᠡ ᠨᠢ 6689.98 ᠲᠦᠮᠡᠨ ᠲᠡᠭᠰᠢ ᠲᠦᠷᠪᠡᠯᠵᠢᠨ ᠮᠧᠲᠷ ᠳᠠᠯᠠᠪᠠᠢ ᠪᠦᠬᠦᠢ 57.97 ᠲᠦᠮᠡᠨ ᠢᠵᠢ ᠤᠷᠤᠨ ᠰᠠᠭᠤᠴᠠ ᠶᠢᠨ ᠭᠡᠷ ᠪᠠᠶᠢᠰᠢᠩ ᠲᠠᠢ ᠬᠤᠯᠪᠤᠬᠳᠠᠬᠰᠠᠨ ᠪᠠᠶᠢᠨ᠎ᠠ᠃      ᠤᠢᠢᠷ᠎ᠠ ᠶᠢᠨ ᠵᠢᠯ ᠳᠤ᠂ ᠮᠠᠨ ᠤ ᠤᠷᠤᠨ ᠳᠤ ᠪᠤᠷᠤᠯᠠᠭᠤᠯᠤᠬᠰᠠᠨ ᠭᠡᠷ ᠪᠠᠶᠢᠰᠢᠩ ᠢ ᠲᠤᠰᠢᠶᠠᠬᠤ ᠬᠤᠭᠤᠴᠠᠭ᠎ᠠ ᠶᠢ ᠬᠤᠶᠢᠰᠢᠯᠠᠭᠤᠯᠬᠤ᠂ ᠪᠠᠷᠢᠯᠭ᠎ᠠ ᠶᠢ ᠲᠤᠳᠠᠭᠤ ᠲᠤᠷᠭᠤᠨ ᠵᠤᠬᠰᠤᠬᠤ᠂ ᠭᠠᠵᠠᠷ ᠰᠢᠷᠤᠢ ᠶᠢ ᠲᠠᠳᠠᠪᠤᠷᠢᠯᠠᠬᠰᠠᠨ ᠤ ᠲᠠᠷᠠᠭ᠎ᠠ ᠴᠠᠬ ᠲᠤᠬᠠᠢ ᠳᠤᠨᠢ ᠬᠡᠷ ᠪᠠᠶᠢᠰᠢᠩ ᠦᠭᠴᠤ ᠲᠦᠪᠬᠢᠨᠡᠬᠦᠯᠦᠭᠰᠡᠨ ᠦᠬᠡᠢ᠂ ᠨᠡᠬᠦᠵᠦ ᠤᠷᠤᠭᠠᠳ ᠤᠯᠠᠨ ᠵᠢᠯ ᠪᠤᠯᠤᠬᠰᠠᠨ ᠴᠤ ᠭᠡᠷ ᠪᠠᠶᠢᠰᠢᠩ ᠤᠨ ᠦᠮᠴᠢᠯᠡᠯ ᠤᠨ ᠡᠷᠬᠡ ᠶᠢᠨ ᠦᠨᠡᠮᠯᠡᠯ ᠠᠪᠴᠤ ᠲᠡᠶᠢᠯᠬᠦ ᠦᠬᠡᠢ ᠵᠡᠷᠬᠡ ᠠᠰᠠᠭᠤᠳᠠᠯ ᠲᠤᠪᠤᠶᠢᠮ᠎ᠠ ᠤᠷᠤᠰᠢᠬᠰᠠᠨ ᠪᠠᠶᠢᠨ᠎ᠠ᠃ ᠪᠦᠷᠢᠳᠬᠡᠯ ᠢᠶᠠᠷ᠂ ᠡᠨᠡ ᠵᠢᠯ ᠤᠨ 7 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠤᠷᠤᠨ ᠳᠤ ᠰᠢᠢᠳᠪᠦᠷᠢᠯᠡᠬᠡᠳᠦᠢ ᠪᠠᠶᠢᠬᠰᠠᠨ ᠭᠡᠷ ᠭᠠᠵᠠᠷ ᠤᠨ ᠬᠦᠷᠦᠩᠬᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠦᠷᠦᠯ ᠵᠦᠢᠯ 2277 ᠪᠠᠶᠢᠵᠦ᠂ ᠲᠠᠯᠠᠪᠠᠢ ᠨᠢ 12474 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠤ᠂ ᠨᠡᠶᠢᠳᠡ 106 ᠲᠦᠮᠡᠨ ᠡᠷᠦᠬᠡ ᠲᠠᠢ ᠬᠤᠯᠪᠤᠬᠳᠠᠬᠰᠠᠨ ᠪᠠᠶᠢᠨ᠎ᠠ᠃ ᠡᠳᠡᠬᠡᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠠᠷ ᠮᠠᠨ ᠤ ᠤᠷᠤᠨ ᠤᠯᠠᠨ ᠳᠠᠯ᠎ᠠ ᠠᠴᠠ ᠬᠦᠴᠦᠯᠡᠬᠦ ᠶᠢᠨ ᠬᠠᠮᠳᠦ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠠᠨ ᠴᠢᠩᠭᠠᠳᠬᠠᠬᠰᠠᠨ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ︽ᠤᠯᠤᠰ ᠤᠨ ᠦᠮᠴᠢᠯᠡᠯ ᠤᠨ ᠭᠠᠵᠠᠷ ᠰᠢᠷᠤᠢ ᠲᠡᠬᠡᠷ᠎ᠠ ᠪᠠᠶᠢᠭᠤᠯᠤᠬᠰᠠᠨ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠲᠠᠩᠰᠠᠯᠠᠭᠤᠯᠬᠤ ᠵᠡᠷᠬᠡ ᠲᠡᠤᠬᠡ ᠶᠢᠨ ᠦᠯᠡᠳᠡᠭᠳᠡᠯ ᠠᠰᠠᠭᠤᠳᠠᠯ ᠢ ᠲᠤᠬᠢᠳᠠᠢ ᠰᠢᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾᠎ ᠢ ᠲᠠᠷᠤᠮᠠᠯᠯᠠᠨ ᠲᠠᠷᠬᠠᠭᠠᠵᠦ᠂ ᠶᠡᠷᠦᠩᠬᠡᠢ ᠱᠠᠭᠠᠷᠳᠠᠯᠭ᠎ᠠ᠂ ᠠᠵᠢᠯ ᠤᠨ ᠠᠭᠤᠯᠭ᠎ᠠ ᠪᠠ ᠠᠷᠭ᠎ᠠ ᠬᠡᠮᠵᠢᠶ᠎ᠠ ᠵᠡᠷᠬᠡ ᠶᠢ ᠲᠤᠳᠤᠷᠬᠠᠢᠢᠯᠠᠬᠤ ᠶᠢᠨ ᠬᠠᠮᠳᠤ᠂ ᠡᠯ᠎ᠠ ᠠᠶᠢᠮᠠᠬ ᠬᠤᠳᠠ ᠶᠢᠨ ᠲᠤᠰ ︽ᠵᠢᠯᠤᠭᠤᠳᠬᠤ ᠰᠠᠨᠠᠯ︾᠎ ᠢ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠲᠠᠩᠰᠠ ᠶᠢᠨ ᠬᠠᠮᠢᠶᠠᠷᠤᠯᠳᠠ ᠶᠢ ᠬᠡᠷᠡᠭᠵᠢᠬᠦᠯᠦᠭᠰᠡᠨ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠪᠠᠰᠠ ᠭᠡᠷ ᠭᠠᠵᠠᠷ ᠤᠨ ᠬᠦᠷᠦᠩᠬᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠯᠠ ᠦᠷᠨᠢᠬᠦᠯᠦᠭᠰᠡᠨ ᠭᠠᠵᠠᠷ ᠤᠷᠤᠨ ᠢ ᠪᠤᠯᠵᠤᠨ ᠶᠠᠷᠢᠯᠴᠠᠵᠦ᠂ ᠬᠡᠰᠡᠭ ᠭᠠᠵᠠᠷ ᠤᠷᠤᠨ ᠳᠤ ᠰᠡᠮ ᠪᠠᠶᠢᠴᠠᠭᠠᠬᠰᠠᠨ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠠᠴᠠ ᠪᠠᠰᠠ ᠦᠪᠡᠷᠳᠡᠬᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠲᠢᠩᠬᠢᠮ ᠵᠡᠷᠬᠡ 10 ᠰᠠᠯᠠᠭ᠎ᠠ ᠮᠦᠴᠢᠷ ᠤᠷᠤᠯᠴᠠᠬᠰᠠᠨ ᠦᠪᠡᠷᠳᠡᠬᠡᠨ ᠵᠠᠰᠠᠬᠤ ᠤᠷᠤᠨ ᠤ ᠭᠡᠷ ᠭᠠᠵᠠᠷ ᠤᠨ ᠬᠦᠷᠦᠩᠬᠡ ᠶᠢᠨ ᠵᠠᠬ᠎ᠠ ᠲᠡᠯᠬᠡᠬᠦᠷ ᠢ ᠲᠤᠬᠢᠷᠠᠭᠤᠯᠤᠨ ᠡᠵᠡᠮᠳᠡᠬᠦ ᠠᠵᠢᠯ ᠤᠨ ᠲᠢᠩᠬᠢᠮ ᠠᠯᠤᠰᠯᠠᠬᠰᠠᠨ ᠬᠠᠮᠳᠤᠷᠠᠬᠰᠠᠨ ᠬᠤᠷᠠᠯ ᠤᠨ ᠲᠦᠷᠢᠮ ᠢ ᠬᠡᠷᠡᠭᠵᠢᠬᠦᠯᠦᠨ᠂ ᠪᠦᠬᠦ ᠤᠷᠤᠨ ᠤ ᠡᠯ᠎ᠠ ᠭᠠᠵᠠᠷ ᠤᠷᠤᠨ ᠤ ᠭᠡᠷ ᠪᠠᠶᠢᠰᠢᠩ ᠢ ᠨᠢᠬᠡᠨᠳᠡ ᠪᠤᠷᠤᠯᠠᠭᠤᠯᠤᠬᠰᠠᠨ ᠤ ᠲᠠᠷᠠᠭ᠎ᠠ ᠪᠠᠷᠢᠴᠠᠭ᠎ᠠ ᠠᠴᠠ ᠭᠠᠷᠭᠠᠬᠰᠠᠨ ᠦᠬᠡᠢ᠂ ᠰᠦᠯᠵᠢᠶᠡᠨ ᠳᠤ ᠲᠠᠩᠰᠠᠯᠠᠵᠦ ᠲᠡᠶᠢᠯᠬᠦ ᠦᠬᠡᠢ ᠪᠠᠶᠢᠬᠤ ᠪᠠ ᠦᠮᠴᠢᠯᠡᠯ ᠤᠨ ᠡᠷᠬᠡ ᠶᠢ ᠲᠠᠩᠰᠠᠯᠠᠵᠦ ᠲᠡᠶᠢᠯᠬᠦ ᠦᠬᠡᠢ ᠪᠠᠶᠢᠬᠤ ᠵᠡᠷᠬᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号