ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠣᠯᠤᠭ᠎ᠠ︶
ᠨᠡᠶᠢᠲᠡᠯᠡᠭᠰᠡᠨ ᠴᠠᠭ᠄
2019/12/10
     ᠠᠷᠪᠠᠨ ᠭᠤᠷᠪᠠ᠂ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠭᠡᠵᠦ ᠶᠠᠭᠤ ᠪᠣᠢ︖      ᠬᠠᠷᠢᠭᠤᠯᠲᠠ᠄ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠭᠡᠳᠡᠭ ᠨᠢ ᠬᠤᠲᠠ ᠪᠠᠯᠭᠠᠰᠤ ᠶᠢᠨ ᠭᠡᠷ ᠪᠦᠯᠢ ᠶᠢᠨ ᠳᠣᠲᠣᠷ᠎ᠠ᠂ ᠬᠠᠤᠯᠢ ᠪᠠᠷ ᠲᠣᠭᠲᠠᠭᠠᠭᠰᠠᠨ ᠪᠣᠢ ᠪᠦᠬᠦᠢ ᠬᠥᠳᠡᠯᠮᠦᠷᠢᠯᠡᠬᠦ ᠨᠠᠰᠤᠨ ᠳᠤ᠂ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠦᠰᠡᠯ ᠡᠷᠡᠮᠡᠯᠵᠡᠯ ᠲᠠᠢ ᠭᠡᠷ ᠪᠦᠯᠢ ᠶᠢᠨ ᠭᠡᠰᠢᠭᠦᠳ ᠨᠢ ᠪᠦᠷ ᠠᠵᠢᠯ ᠠᠯᠳᠠᠭᠰᠠᠨ ᠪᠠᠶᠢᠳᠠᠯ ᠳᠤ ᠣᠷᠣᠰᠢᠵᠤ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠶᠢᠨ ᠴᠢᠨᠠᠷᠲᠠᠢ ᠪᠠ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠭᠡᠷ ᠪᠦᠯᠢ ᠶᠢ ᠵᠢᠭᠠᠵᠤ ᠪᠠᠶᠢᠨ᠎ᠠ᠃      ᠠᠷᠪᠠᠨ ᠳᠥᠷᠪᠡ᠂ ᠬᠤᠲᠠ ᠪᠠᠯᠭᠠᠰᠤ ᠶᠢᠨ ᠠᠵᠢᠯ ᠲᠠᠢ ᠬᠥᠮᠥᠨ ᠦᠭᠡᠢ ᠭᠡᠷ ᠪᠦᠯᠢ ᠬᠡᠷᠬᠢᠨ ᠭᠤᠶᠤᠴᠢᠯᠠᠨ ᠮᠡᠳᠡᠭᠦᠯᠬᠦ ᠪᠣᠢ︖      ᠬᠠᠷᠢᠭᠤᠯᠲᠠ᠄ 1. ᠭᠡᠷ ᠪᠦᠯᠢ ᠶᠢᠨ ᠭᠡᠰᠢᠭᠦᠳ ᠠᠴᠠ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠢᠶᠠᠨ ᠠᠪᠴᠤ ᠰᠠᠭᠤᠭ᠎ᠠ ᠭᠠᠵᠠᠷ ᠤᠨ ᠢᠶᠠᠨ ᠪᠠᠶᠢᠭ᠎ᠠ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠠᠵᠢᠯ ᠤᠨ ᠥᠷᠲᠡᠭᠡ ᠳᠤ ᠬᠦᠷᠴᠦ ᠭᠤᠶᠤᠴᠢᠯᠠᠯ ᠭᠠᠷᠭᠠᠨ᠂ ︽ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠤᠶᠤᠴᠢᠯᠠᠯ ᠢ ᠮᠠᠭᠠᠳᠯᠠᠨ ᠲᠣᠭᠲᠠᠭᠠᠬᠤ ᠬᠦᠰᠦᠨᠦᠭ︾ ᠢ ᠲᠠᠭᠯᠠᠬᠤ ᠶᠢᠨ ᠬᠠᠮᠲᠤ᠂ ︽ᠡᠷᠦᠬᠡ ᠶᠢᠨ ᠠᠮᠠ ᠶᠢᠨ ᠳᠡᠪᠲᠡᠷ︾᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠢᠶᠠᠨ ᠤᠭ ᠮᠠᠲ᠋ᠧᠷᠢᠶᠠᠯ ᠬᠢᠭᠡᠳ ᠬᠠᠭᠤᠯᠪᠤᠷᠢ᠂ ᠵᠢᠴᠢ ᠭᠡᠷ ᠪᠦᠯᠢ ᠶᠢᠨ ᠭᠡᠰᠢᠭᠦᠳ ᠤᠨ ᠢᠶᠠᠨ ᠪᠣᠳᠠᠲᠤ ᠪᠠᠶᠢᠳᠠᠯ ᠤᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠲᠤᠰᠢᠶᠠᠨ᠎ᠠ︔ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠭᠡᠷ ᠪᠦᠯᠢ ᠶᠢᠨ ᠬᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠭᠤᠭᠤᠯᠤᠨ ᠲᠠᠷᠬᠠᠭᠠᠭᠰᠠᠨ ᠭᠡᠷᠡᠴᠢᠯᠡᠭᠡ ᠶᠢ ᠲᠤᠰᠢᠶᠠᠬᠤ ᠬᠡᠷᠡᠭᠲᠡᠢ︔ 2. ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠠᠵᠢᠯ ᠤᠨ ᠥᠷᠲᠡᠭᠡ ᠠᠴᠠ ᠭᠤᠶᠤᠴᠢᠯᠠᠭᠴᠢ ᠶᠢᠨ ᠳᠠᠩᠰᠠᠯᠠᠨ ᠲᠡᠮᠳᠡᠭᠯᠡᠭᠦᠯᠦᠭᠰᠡᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠪᠠ ᠨᠡᠶᠢᠲᠡ ᠳᠤ ᠵᠠᠷᠯᠠᠬᠤ ᠠᠯᠬᠤᠮ ᠳᠠᠷᠠᠭᠠᠯᠠᠯ ︵ᠨᠡᠶᠢᠲᠡ ᠳᠤ ᠵᠠᠷᠯᠠᠬᠤ ᠴᠠᠭ ᠨᠢ 3 ᠡᠳᠦᠷ︶ ᠢ ᠪᠡᠶᠡᠯᠡᠭᠦᠯᠬᠦ ᠶᠢᠨ ᠬᠠᠮᠲᠤ᠂ ︽ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠤᠶᠤᠴᠢᠯᠠᠯ ᠢ ᠮᠠᠭᠠᠳᠯᠠᠨ ᠲᠣᠭᠲᠠᠭᠠᠬᠤ ᠬᠦᠰᠦᠨᠦᠭ︾ ᠳᠡᠭᠡᠷ᠎ᠡ ᠬᠢᠨᠠᠨ ᠬᠠᠷᠭᠤᠭᠤᠯᠤᠭᠰᠠᠨ ᠰᠠᠨᠠᠯ ᠢᠶᠠᠨ ᠪᠢᠴᠢᠵᠦ ᠲᠠᠮᠠᠭ᠎ᠠ ᠳᠠᠷᠤᠭᠰᠠᠨ ᠤ ᠳᠠᠷᠠᠭ᠎ᠠ᠂ ᠵᠡᠭᠡᠯᠢ ᠭᠤᠳᠤᠮᠵᠢ ︵ᠰᠢᠶᠠᠩ᠂ ᠪᠠᠯᠭᠠᠰᠤ᠂ ᠰᠤᠮᠤ︶ ᠶᠢᠨ ᠬᠥᠳᠡᠯᠮᠦᠷᠢ ᠪᠠᠲᠤᠯᠠᠭ᠎ᠠ ᠶᠢᠨ ᠶᠠᠪᠤᠳᠠᠯ ᠤᠨ ᠭᠠᠵᠠᠷ ᠲᠤ ᠮᠡᠳᠡᠭᠦᠯᠬᠦ ᠬᠡᠷᠡᠭᠲᠡᠢ︔ 3. ᠵᠡᠭᠡᠯᠢ ᠭᠤᠳᠤᠮᠵᠢ ︵ᠰᠢᠶᠠᠩ᠂ ᠪᠠᠯᠭᠠᠰᠤ᠂ ᠰᠤᠮᠤ︶ ᠶᠢᠨ ᠬᠥᠳᠡᠯᠮᠦᠷᠢ ᠪᠠᠲᠤᠯᠠᠭ᠎ᠠ ᠶᠢᠨ ᠶᠠᠪᠤᠳᠠᠯ ᠤᠨ ᠭᠠᠵᠠᠷ ᠠᠴᠠ ᠨᠡᠶᠢᠭᠡᠮ ᠲᠣᠭᠤᠷᠢᠭ ᠤᠨ ᠳᠡᠪᠰᠢᠭᠦᠯᠦᠨ ᠮᠡᠳᠡᠭᠦᠯᠦᠭᠰᠡᠨ ᠠᠵᠢᠯ ᠲᠠᠢ ᠬᠥᠮᠥᠨ ᠦᠭᠡᠢ ᠭᠡᠷ ᠪᠦᠯᠢ ᠶᠢ ᠬᠢᠨᠠᠨ ᠬᠠᠷᠭᠤᠭᠤᠯᠬᠤ ᠠᠵᠢᠯ ᠢ 2 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ ᠬᠤᠰᠢᠭᠤ ᠰᠢᠶᠠᠨ ︵ᠲᠣᠭᠤᠷᠢᠭ︶ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ 3 ᠠᠵᠢᠯᠯᠠᠬᠤ ᠡᠳᠦᠷ ᠤᠨ ᠳᠣᠲᠣᠷ᠎ᠠ ᠨᠤᠲᠠᠯᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ