ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ | 12 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠰᠦᠯᠵᠢᠶ᠎ᠡ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ ᠵᠡᠷᠭᠡ 25 ᠰᠦᠯᠵᠢᠶᠡᠨ ᠤ ᠲᠠᠪᠴᠠᠩ ᠵᠢᠴᠢ ᠡᠯ᠎ᠡ | ᠭᠠᠵᠠᠷ ᠣᠷᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶ᠎ᠡ ᠲᠠᠢ ᠬᠠᠮᠲᠤᠷᠠᠨ | 2020 ᠣᠨ ᠤ ︽ᠶᠡᠷᠦᠩᠬᠡᠶ ᠰᠠᠶᠢᠳ ᠲᠤ ᠳᠡᠪᠰᠢᠭᠦᠯᠬᠦ ᠦᠭᠡ︾ ᠭᠡᠬᠦ ᠰᠦᠯᠵᠢᠶᠡᠨ ᠤ ᠠᠨᠳᠠ ᠠᠴᠠ | ᠰᠠᠨᠠᠭᠤᠯᠭ᠎ᠠ ᠵᠥᠪᠯᠡᠯᠭᠡ ᠬᠤᠷᠢᠶᠠᠬᠤ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠤ ᠠᠨᠳᠠ ᠨᠠᠷ ᠤᠨ ᠵᠠᠰᠠᠭ ᠤᠨ | ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠬᠤ ᠪᠠᠷ ᠪᠠᠶᠢᠨ᠎ᠠ᠃ ᠠᠵᠢᠯᠯᠠᠭ᠎ᠠ ᠨᠢ 2020 | ᠣᠨ ᠤ ᠪᠥᠬᠦ ᠤᠯᠤᠰ ᠤᠨ ᠬᠤᠶᠠᠷ ᠬᠤᠷᠠᠯ ᠳᠠᠭᠤᠰᠬᠤ ᠪᠣᠯᠲᠠᠯ᠎ᠠ ᠦᠷᠭᠦᠯᠵᠢᠯᠡᠬᠦ ᠪᠣᠯᠤᠨ᠎ᠠ᠃ | ᠲᠣᠰ ᠤᠳᠠᠭᠠᠨ ᠤ ᠠᠵᠢᠯᠯᠠᠭ᠎ᠠ ᠳᠤ ︽ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ︾᠂ | ︽ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ︾᠂ ︽ᠠᠵᠢᠯ ᠣᠯᠭᠤᠬᠤ︾᠂ ︽ᠰᠤᠷᠭᠠᠨ ᠬᠥᠮᠦᠵᠢᠯ︾᠂ ︽ | ᠨᠠᠰᠤᠵᠢᠯ ᠤᠨ ᠠᠰᠠᠷᠠᠮᠵᠢ︾᠂ ︽ᠣᠷᠣᠯᠭ᠎ᠠ︾ ᠵᠡᠷᠭᠡ 20 ᠲᠥᠷᠥᠯ ᠤᠨ ᠰᠡᠳᠦᠪ ᠲᠣᠬᠢᠷᠠᠭᠤᠯᠵᠠᠢ᠃ | ᠰᠦᠯᠵᠢᠶᠡᠨ ᠤ ᠠᠨᠳᠠ ᠨᠠᠷ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠥᠷᠥ ᠶᠢᠨ ᠶᠠᠪᠤᠳᠠᠯ | ᠤᠨ ᠬᠤᠷᠢᠶᠠᠨ ᠤ ᠦᠵᠦᠭᠦᠷ App ᠪᠣᠯᠤᠨ ᠵᠢᠵᠢᠭ ᠫᠷᠤᠭ᠍ᠷᠠᠮ ᠵᠢᠴᠢ ᠡᠯ᠎ᠡ ᠬᠤᠯᠪᠣᠭᠳᠠᠯ ᠪᠦᠬᠦᠢ ᠰᠦᠯᠵᠢᠶ᠎ᠡ | ᠪᠣᠯᠤᠨ ᠲᠠᠪᠴᠠᠩ ᠳᠤ ᠦᠭᠡ ᠦᠯᠡᠳᠡᠭᠡᠵᠦ ᠪᠣᠯᠤᠨ᠎ᠠ᠃ ᠯᠠᠪᠯᠠᠯᠲᠠ ᠶᠢᠨ ᠦᠨ᠎ᠡ ᠴᠡᠨ᠎ᠡ ᠲᠠᠢ ᠬᠡᠰᠡᠭ ᠰᠠᠨᠠᠭᠤᠯᠭ᠎ᠠ ᠶᠢ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠨ ᠪᠢᠴᠢᠬᠦ ᠨᠢᠭᠡᠴᠢ ᠳᠤ ᠳᠠᠮᠵᠢᠭᠤᠯᠤᠨ | ᠬᠦᠷᠭᠡᠨ᠎ᠡ᠃ | ᠡᠨᠡ ᠪᠣᠯ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠵᠢᠷᠭᠤᠭᠠᠳᠠᠭᠢ ᠵᠢᠯ ᠤᠨ ᠪᠥᠬᠦ | ᠤᠯᠤᠰ ᠤᠨ ᠬᠤᠶᠠᠷ ᠬᠤᠷᠠᠯ ᠠᠴᠠ ᠡᠮᠦᠨ᠎ᠡ ᠰᠦᠯᠵᠢᠶᠡᠨ ᠤ ᠠᠨᠳᠠ ᠠᠴᠠ ᠰᠠᠨᠠᠯ ᠵᠥᠪᠯᠡᠯᠭᠡ ᠴᠤᠭᠯᠠᠭᠤᠯᠬᠤ | ᠠᠵᠢᠯᠯᠠᠭ᠎ᠠ ᠥᠷᠨᠢᠭᠦᠯᠵᠦ ᠪᠠᠶᠢᠭ᠎ᠠ ᠶᠠᠪᠤᠳᠠᠯ ᠪᠣᠯᠤᠨ᠎ᠠ᠃ ᠳᠡᠭᠡᠷ᠎ᠡ ᠵᠢᠯ ᠤᠨ ᠠᠵᠢᠯᠯᠠᠭ᠎ᠠ ᠳᠤᠮᠳᠠ᠂ | ᠬᠤᠷᠢᠶᠠᠩᠭᠤᠶᠢᠯᠠᠨ ᠡᠮᠬᠢᠳᠬᠡᠭᠰᠡᠨ ᠰᠦᠯᠵᠢᠶᠡᠨ ᠤ ᠠᠨᠳᠠ ᠨᠠᠷ ᠤᠨ ᠰᠠᠨᠠᠭᠤᠯᠭ᠎ᠠ ᠶᠢᠨ 90% ᠠᠴᠠ ᠳᠡᠭᠡᠭᠰᠢᠬᠢ ᠨᠢ | ᠲᠤᠬᠠᠶ ᠶᠢᠨ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠤᠰᠬᠠᠭᠳᠠᠭᠰᠠᠨ ᠪᠠᠢᠨ᠎ᠠ᠃ | | | ᠺᠣᠳ᠋ ᠢ ᠰᠢᠷᠪᠢᠵᠦ 2020 ᠣᠨ ᠤ ︽ᠶᠡᠷᠦᠩᠬᠡᠶ ᠰᠠᠶᠢᠳ ᠲᠤ ᠳᠡᠪᠰᠢᠭᠦᠯᠬᠦ ᠦᠭᠡ︾ ᠭᠡᠬᠦ ᠰᠦᠯᠵᠢᠶᠡᠨ ᠤ | ᠠᠨᠳᠠ ᠠᠴᠠ ᠰᠠᠨᠠᠭᠤᠯᠭ᠎ᠠ ᠵᠥᠪᠯᠡᠯᠭᠡ ᠬᠤᠷᠢᠶᠠᠬᠤ ᠠᠵᠢᠯᠯᠠᠭ᠎ᠠ ᠳᠤ ᠣᠷᠣᠯᠴᠠᠵᠤ᠂ ᠵᠠᠰᠠᠭ ᠤᠨ ᠣᠷᠳᠣᠨ ᠤ ᠠᠵᠢᠯ | ᠳᠤ ᠰᠠᠨᠠᠯ ᠰᠠᠨᠠᠭᠤᠯᠭ᠎ᠠ ᠳᠤᠷᠠᠳᠤᠭᠠᠷᠠᠢ᠃ | | |