ᠠᠷᠪᠠᠨ ᠲᠠᠪᠤ᠂ ᠠᠵᠢᠯ ᠲᠠᠢ ᠬᠥᠮᠥᠨ ᠦᠭᠡᠢ ᠭᠡᠷ ᠪᠦᠯᠢ ᠳᠤ ᠴᠢᠭᠯᠡᠭᠦᠯᠦᠭᠰᠡᠨ ᠠᠵᠢᠯ ᠣᠯᠭᠤᠵᠤ | ᠬᠠᠪᠰᠤᠷᠤᠨ ᠳᠡᠮᠵᠢᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖ | ᠬᠠᠷᠢᠭᠤᠯᠲᠠ᠄ 1. ᠨᠢᠭᠡ ᠨᠢᠭᠡ ᠪᠠᠷ ᠳᠠᠭᠠᠭᠠᠨ ᠠᠪᠴᠤ ᠬᠠᠪᠰᠤᠷᠤᠨ ᠳᠡᠮᠵᠢᠬᠦ ᠶᠢ ᠥᠷᠨᠢᠭᠦᠯᠦᠨ᠎ᠡ᠃ ︽ | ᠨᠢᠭᠡ ᠭᠡᠷ ᠪᠦᠯᠢ ᠳᠤ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠨᠢᠭᠡ ᠬᠥᠮᠥᠨ ᠳᠤ ᠨᠢᠭᠡ | ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠨᠢᠭᠡ ᠬᠥᠮᠥᠨ ᠨᠢᠭᠡ ᠡᠷᠦᠬᠡ ᠶᠢ | ᠬᠠᠪᠰᠤᠷᠤᠨ ᠳᠡᠮᠵᠢᠬᠦ︾ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠬᠠᠪᠰᠤᠷᠤᠨ ᠳᠡᠮᠵᠢᠬᠦ ᠬᠠᠷᠢᠭᠤᠴᠠᠯᠭᠠᠲᠠᠨ | ᠪᠠ ᠬᠠᠪᠰᠤᠷᠤᠨ ᠳᠡᠮᠵᠢᠬᠦ ᠡᠲᠡᠭᠡᠳ ᠢ ᠪᠣᠳᠠᠲᠠᠢ ᠪᠠᠷ ᠲᠣᠳᠣᠷᠬᠠᠶᠢᠯᠠᠵᠤ᠂ ᠬᠤᠶᠠᠷ ᠲᠠᠯ᠎ᠠ ᠪᠠᠷ ᠢᠶᠠᠨ ᠬᠤᠯᠪᠣᠭᠠᠰᠤ | ᠪᠠᠶᠢᠭᠤᠯᠤᠨ ᠬᠠᠪᠰᠤᠷᠤᠨ ᠳᠡᠮᠵᠢᠬᠦ ᠬᠡᠯᠡᠯᠴᠡᠭᠡᠷ ᠲᠣᠭᠲᠠᠨ᠎ᠠ᠃ 2. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ | ᠬᠠᠩᠭᠠᠨ᠎ᠠ᠃ ᠴᠠᠭ ᠨᠢ ᠣᠬᠤᠷ᠂ ᠦᠷ᠎ᠡ ᠪᠦᠲᠦᠮᠵᠢ ᠭᠠᠷᠭᠠᠬᠤ ᠳᠤ ᠲᠦᠷᠭᠡᠨ ᠵᠠᠷᠢᠮ ᠬᠡᠷᠡᠭᠯᠡᠭᠦᠰᠢᠲᠡᠢ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠨᠢᠭᠡ ᠲᠥᠷᠥᠯ ᠤᠨ ᠮᠡᠷᠭᠡᠵᠢᠯ | ᠴᠢᠳᠠᠪᠤᠷᠢ ᠶᠢ ᠡᠵᠡᠮᠰᠢᠭᠦᠯᠦᠨ᠂ ᠠᠵᠢᠯ ᠣᠯᠭᠤᠬᠤ ᠶᠢ ᠠᠯᠢ ᠲᠦᠷᠭᠡᠨ ᠢᠶᠠᠷ ᠪᠡᠶᠡᠯᠡᠭᠦᠯᠦᠨ᠎ᠡ᠃ 3. ᠳᠣᠣᠷ᠎ᠠ | ᠳᠠᠪᠬᠤᠷᠭ᠎ᠠ ᠠᠴᠠ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠢᠶᠠᠷ ᠳᠠᠮᠵᠢᠨ ᠠᠵᠢᠯ ᠣᠯᠭᠤᠬᠤ ᠶᠢ | ᠪᠡᠶᠡᠯᠡᠭᠦᠯᠬᠦ ᠳᠤ ᠬᠦᠴᠢᠷᠲᠡᠢ ᠬᠥᠮᠥᠰ ᠢ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ | ᠳᠣᠣᠷ᠎ᠠ ᠳᠠᠪᠬᠤᠷᠭ᠎ᠠ ᠠᠴᠠ ᠲᠣᠬᠢᠷᠠᠭᠤᠯᠵᠤ ᠪᠣᠯᠣᠨ᠎ᠠ᠃ 4. ᠵᠠᠰᠠᠭ ᠤᠨ ᠣᠷᠳᠣᠨ ᠠᠴᠠ ᠪᠡᠶ᠎ᠡ ᠪᠠᠨ ᠳᠠᠭᠠᠭᠠᠵᠤ | ᠠᠳᠠᠯ ᠦᠢᠯᠡᠰ ᠪᠣᠰᠬᠠᠬᠤ ᠶᠢ ᠲᠡᠳᠬᠦᠨ ᠳᠡᠮᠵᠢᠨ᠎ᠡ᠃ ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ | ᠮᠥᠷᠲᠡᠭᠡᠨ ᠵᠣᠬᠢᠬᠤ ᠨᠥᠬᠦᠴᠡᠯ ᠢ ᠪᠦᠷᠢᠳᠦᠭᠦᠯᠦᠭᠰᠡᠨ ᠪᠣᠯ᠂ ᠲᠡᠭᠦᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ | ᠪᠣᠰᠬᠠᠬᠤ ᠶᠢ ᠬᠠᠪᠰᠤᠷᠤᠨ ᠳᠡᠮᠵᠢᠬᠦ ᠪᠠᠷ ᠳᠠᠮᠵᠢᠭᠤᠯᠵᠤ ᠠᠵᠢᠯ ᠣᠯᠭᠤᠬᠤ ᠶᠢ ᠪᠡᠶᠡᠯᠡᠭᠦᠯᠦᠨ᠎ᠡ᠃ | ᠠᠷᠪᠠᠨ ᠵᠢᠷᠭᠤᠭ᠎ᠠ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠵᠦ ᠶᠠᠭᠤ | ᠪᠣᠢ︖ | ᠬᠠᠷᠢᠭᠤᠯᠲᠠ᠄ 1. ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠳᠡᠭ ᠪᠣᠯ ᠠᠵᠢᠯ | ᠣᠯᠬᠤ ᠳᠤ ᠬᠦᠴᠢᠷᠲᠡᠢ ᠬᠥᠮᠥᠰ ᠢ ᠲᠣᠬᠢᠷᠠᠭᠤᠯᠤᠨ ᠲᠥᠪᠬᠢᠨᠡᠭᠦᠯᠬᠦ ᠪᠠᠷ ᠬᠠᠷᠠᠯᠲᠠ ᠪᠣᠯᠭᠠᠨ᠂ ᠵᠠᠰᠠᠭ ᠤᠨ | ᠣᠷᠳᠣᠨ ᠢᠶᠠᠷ ᠪᠡᠯᠡ ᠭᠠᠷᠭᠠᠬᠤ ᠭᠤᠣᠯ ᠴᠣᠭᠴᠠ ᠪᠣᠯᠭᠠᠵᠤ᠂ ᠲᠡᠳᠬᠦᠨ ᠳᠡᠮᠵᠢᠬᠦ ᠪᠤᠶᠤ ᠨᠡᠶᠢᠭᠡᠮ ᠤᠨ ᠪᠡᠯᠡ | ᠮᠥᠩᠭᠦ ᠶᠢᠨ ᠬᠤᠷᠠᠮᠳᠤᠭᠤᠯᠤᠯ ᠢᠶᠠᠷ ᠳᠠᠮᠵᠢᠨ ᠨᠡᠭᠡᠭᠡᠨ ᠬᠥᠭᠵᠢᠭᠦᠯᠦᠭᠰᠡᠨ ᠪᠠ ᠨᠡᠶᠢᠭᠡᠮ ᠤᠨ ᠣᠯᠠᠨ ᠨᠡᠶᠢᠲᠡ ᠶᠢᠨ | ᠠᠰᠢᠭ ᠲᠤᠰᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ ᠪᠠ | ᠬᠠᠮᠵᠢᠯᠴᠠᠨ ᠬᠠᠮᠢᠶᠠᠷᠬᠤ ᠠᠵᠢᠯ ᠤᠨ ᠪᠠᠶᠢᠷᠢ ᠶᠢ ᠵᠢᠭᠠᠵᠤ ᠪᠠᠶᠢᠨ᠎ᠠ᠃ ᠡᠭᠦᠨ ᠳᠤ ᠭᠤᠣᠯᠳᠠᠭᠤ ᠳᠣᠣᠷᠠᠬᠢ ᠳᠥᠷᠪᠡᠨ | ᠲᠠᠯ᠎ᠠ ᠶᠢ ᠪᠠᠭᠲᠠᠭᠠᠨ᠎ᠠ᠃ 1. ᠨᠡᠶᠢᠭᠡᠮ ᠲᠣᠭᠤᠷᠢᠭ ᠤᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ᠃ | ᠡᠭᠦᠨ ᠳᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠴᠡᠪᠡᠷᠯᠡᠭᠡ ᠬᠢᠬᠦ᠂ ᠨᠣᠭᠤᠭᠠᠷᠠᠭᠤᠯᠤᠯᠲᠠ ᠶᠢ ᠪᠠᠲᠤᠯᠠᠬᠤ᠂ | ᠭᠡᠷ ᠪᠦᠯᠢ ᠶᠢᠨ ᠦᠢᠯᠡᠴᠢᠯᠡᠭᠡ ᠬᠢᠬᠦ᠂ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠴᠢᠯᠡᠭᠡ ᠶᠢᠨ ᠴᠢᠨᠠᠷᠲᠠᠢ | ᠠᠵᠢᠯ ᠤᠨ ᠪᠠᠶᠢᠷᠢ ᠶᠢ ᠪᠠᠭᠲᠠᠭᠠᠨ᠎ᠠ︔ 2. ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠥᠷᠥᠯ ᠤᠨ | ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠦᠨᠳᠦᠰᠦᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠲᠤᠰᠠᠯᠠᠭᠴᠢ᠂ | ᠠᠮᠤᠷ ᠢ ᠬᠠᠮᠠᠭᠠᠯᠠᠵᠤ ᠲᠣᠭᠤᠷᠢᠨ ᠴᠠᠭᠳᠠᠭᠴᠢ᠂ ᠵᠠᠮ ᠬᠠᠷᠢᠯᠴᠠᠭ᠎ᠠ ᠶᠢ ᠬᠠᠮᠵᠢᠨ ᠬᠠᠮᠢᠶᠠᠷᠤᠭᠴᠢ᠂ ᠬᠤᠲᠠ ᠶᠢᠨ | ᠬᠠᠮᠢᠶᠠᠷᠤᠯᠲᠠ ᠳᠤ ᠲᠤᠰᠠᠯᠠᠭᠴᠢ᠂ ᠵᠠᠰᠠᠮᠠᠯ ᠵᠠᠮ ᠢ ᠠᠰᠠᠷᠠᠨ ᠬᠠᠮᠠᠭᠠᠯᠠᠭᠴᠢ ᠵᠡᠷᠭᠡ ᠬᠠᠪᠰᠤᠷᠤᠨ ᠲᠤᠰᠠᠯᠠᠬᠤ | ᠴᠢᠨᠠᠷᠲᠠᠢ ᠨᠡᠶᠢᠭᠡᠮ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠪᠠᠭᠲᠠᠭᠠᠨ᠎ᠠ︔ 3. ᠪᠠᠶᠢᠭᠤᠯᠭ᠎ᠠ ᠠᠵᠢᠯ | ᠦᠢᠯᠡᠰ ᠤᠨ ᠨᠢᠭᠡᠴᠢ ᠶᠢᠨ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠶᠢᠨ ᠴᠢᠨᠠᠷᠲᠠᠢ ᠪᠠ ᠣᠯᠠᠨ ᠨᠡᠶᠢᠲᠡ ᠶᠢᠨ | ᠦᠢᠯᠡᠴᠢᠯᠡᠭᠡ ᠶᠢᠨ ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠬᠤᠷᠢᠶᠠᠨ ᠠᠪᠬᠤ ᠪᠠ ᠢᠯᠡᠭᠡᠬᠦ᠂ ᠴᠡᠪᠡᠷᠯᠡᠭᠡ | ᠬᠢᠬᠦ᠂ ᠡᠭᠦᠳᠡᠨ ᠳᠤ ᠬᠠᠷᠠᠭᠤᠯ ᠵᠣᠭᠰᠣᠬᠤ᠂ ᠦᠰᠦᠭ ᠴᠣᠬᠢᠬᠤ ᠵᠡᠷᠭᠡ ᠬᠠᠪᠰᠤᠷᠤᠨ ᠲᠤᠰᠠᠯᠠᠬᠤ ᠴᠢᠨᠠᠷᠲᠠᠢ | ᠠᠵᠢᠯ ᠤᠨ ᠪᠠᠶᠢᠷᠢ ᠶᠢ ᠪᠠᠭᠲᠠᠭᠠᠨ᠎ᠠ᠃ 4. ᠡᠯ᠎ᠡ ᠭᠠᠵᠠᠷ ᠤᠨ ᠬᠢᠨ ᠤ ᠲᠣᠭᠲᠠᠭᠠᠭᠰᠠᠨ ᠪᠤᠰᠤᠳ ᠣᠯᠠᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠃ |