ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠨᠠᠢᠮᠠ︶
ᠨᠡᠶᠢᠲᠡᠯᠡᠭᠰᠡᠨ ᠴᠠᠭ᠄
2019/12/11
     ᠠᠷᠪᠠᠨ ᠲᠠᠪᠤ᠂ ᠠᠵᠢᠯ ᠲᠠᠢ ᠬᠥᠮᠥᠨ ᠦᠭᠡᠢ ᠭᠡᠷ ᠪᠦᠯᠢ ᠳᠤ ᠴᠢᠭᠯᠡᠭᠦᠯᠦᠭᠰᠡᠨ ᠠᠵᠢᠯ ᠣᠯᠭᠤᠵᠤ ᠬᠠᠪᠰᠤᠷᠤᠨ ᠳᠡᠮᠵᠢᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠣᠢ︖      ᠬᠠᠷᠢᠭᠤᠯᠲᠠ᠄ 1. ᠨᠢᠭᠡ ᠨᠢᠭᠡ ᠪᠠᠷ ᠳᠠᠭᠠᠭᠠᠨ ᠠᠪᠴᠤ ᠬᠠᠪᠰᠤᠷᠤᠨ ᠳᠡᠮᠵᠢᠬᠦ ᠶᠢ ᠥᠷᠨᠢᠭᠦᠯᠦᠨ᠎ᠡ᠃ ︽ᠨᠢᠭᠡ ᠭᠡᠷ ᠪᠦᠯᠢ ᠳᠤ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠨᠢᠭᠡ ᠬᠥᠮᠥᠨ ᠨᠢᠭᠡ ᠡᠷᠦᠬᠡ ᠶᠢ ᠬᠠᠪᠰᠤᠷᠤᠨ ᠳᠡᠮᠵᠢᠬᠦ︾ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠬᠠᠪᠰᠤᠷᠤᠨ ᠳᠡᠮᠵᠢᠬᠦ ᠬᠠᠷᠢᠭᠤᠴᠠᠯᠭᠠᠲᠠᠨ ᠪᠠ ᠬᠠᠪᠰᠤᠷᠤᠨ ᠳᠡᠮᠵᠢᠬᠦ ᠡᠲᠡᠭᠡᠳ ᠢ ᠪᠣᠳᠠᠲᠠᠢ ᠪᠠᠷ ᠲᠣᠳᠣᠷᠬᠠᠶᠢᠯᠠᠵᠤ᠂ ᠬᠤᠶᠠᠷ ᠲᠠᠯ᠎ᠠ ᠪᠠᠷ ᠢᠶᠠᠨ ᠬᠤᠯᠪᠣᠭᠠᠰᠤ ᠪᠠᠶᠢᠭᠤᠯᠤᠨ ᠬᠠᠪᠰᠤᠷᠤᠨ ᠳᠡᠮᠵᠢᠬᠦ ᠬᠡᠯᠡᠯᠴᠡᠭᠡᠷ ᠲᠣᠭᠲᠠᠨ᠎ᠠ᠃ 2. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠠᠩᠭᠠᠨ᠎ᠠ᠃ ᠴᠠᠭ ᠨᠢ ᠣᠬᠤᠷ᠂ ᠦᠷ᠎ᠡ ᠪᠦᠲᠦᠮᠵᠢ ᠭᠠᠷᠭᠠᠬᠤ ᠳᠤ ᠲᠦᠷᠭᠡᠨ ᠵᠠᠷᠢᠮ ᠬᠡᠷᠡᠭᠯᠡᠭᠦᠰᠢᠲᠡᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠨᠢᠭᠡ ᠲᠥᠷᠥᠯ ᠤᠨ ᠮᠡᠷᠭᠡᠵᠢᠯ ᠴᠢᠳᠠᠪᠤᠷᠢ ᠶᠢ ᠡᠵᠡᠮᠰᠢᠭᠦᠯᠦᠨ᠂ ᠠᠵᠢᠯ ᠣᠯᠭᠤᠬᠤ ᠶᠢ ᠠᠯᠢ ᠲᠦᠷᠭᠡᠨ ᠢᠶᠠᠷ ᠪᠡᠶᠡᠯᠡᠭᠦᠯᠦᠨ᠎ᠡ᠃ 3. ᠳᠣᠣᠷ᠎ᠠ ᠳᠠᠪᠬᠤᠷᠭ᠎ᠠ ᠠᠴᠠ ᠲᠣᠬᠢᠷᠠᠭᠤᠯᠬᠤ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠢᠶᠠᠷ ᠳᠠᠮᠵᠢᠨ ᠠᠵᠢᠯ ᠣᠯᠭᠤᠬᠤ ᠶᠢ ᠪᠡᠶᠡᠯᠡᠭᠦᠯᠬᠦ ᠳᠤ ᠬᠦᠴᠢᠷᠲᠡᠢ ᠬᠥᠮᠥᠰ ᠢ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠳᠣᠣᠷ᠎ᠠ ᠳᠠᠪᠬᠤᠷᠭ᠎ᠠ ᠠᠴᠠ ᠲᠣᠬᠢᠷᠠᠭᠤᠯᠵᠤ ᠪᠣᠯᠣᠨ᠎ᠠ᠃ 4. ᠵᠠᠰᠠᠭ ᠤᠨ ᠣᠷᠳᠣᠨ ᠠᠴᠠ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ ᠲᠡᠳᠬᠦᠨ ᠳᠡᠮᠵᠢᠨ᠎ᠡ᠃ ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠮᠥᠷᠲᠡᠭᠡᠨ ᠵᠣᠬᠢᠬᠤ ᠨᠥᠬᠦᠴᠡᠯ ᠢ ᠪᠦᠷᠢᠳᠦᠭᠦᠯᠦᠭᠰᠡᠨ ᠪᠣᠯ᠂ ᠲᠡᠭᠦᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ ᠬᠠᠪᠰᠤᠷᠤᠨ ᠳᠡᠮᠵᠢᠬᠦ ᠪᠠᠷ ᠳᠠᠮᠵᠢᠭᠤᠯᠵᠤ ᠠᠵᠢᠯ ᠣᠯᠭᠤᠬᠤ ᠶᠢ ᠪᠡᠶᠡᠯᠡᠭᠦᠯᠦᠨ᠎ᠡ᠃      ᠠᠷᠪᠠᠨ ᠵᠢᠷᠭᠤᠭ᠎ᠠ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠵᠦ ᠶᠠᠭᠤ ᠪᠣᠢ︖      ᠬᠠᠷᠢᠭᠤᠯᠲᠠ᠄ 1. ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠡᠳᠡᠭ ᠪᠣᠯ ᠠᠵᠢᠯ ᠣᠯᠬᠤ ᠳᠤ ᠬᠦᠴᠢᠷᠲᠡᠢ ᠬᠥᠮᠥᠰ ᠢ ᠲᠣᠬᠢᠷᠠᠭᠤᠯᠤᠨ ᠲᠥᠪᠬᠢᠨᠡᠭᠦᠯᠬᠦ ᠪᠠᠷ ᠬᠠᠷᠠᠯᠲᠠ ᠪᠣᠯᠭᠠᠨ᠂ ᠵᠠᠰᠠᠭ ᠤᠨ ᠣᠷᠳᠣᠨ ᠢᠶᠠᠷ ᠪᠡᠯᠡ ᠭᠠᠷᠭᠠᠬᠤ ᠭᠤᠣᠯ ᠴᠣᠭᠴᠠ ᠪᠣᠯᠭᠠᠵᠤ᠂ ᠲᠡᠳᠬᠦᠨ ᠳᠡᠮᠵᠢᠬᠦ ᠪᠤᠶᠤ ᠨᠡᠶᠢᠭᠡᠮ ᠤᠨ ᠪᠡᠯᠡ ᠮᠥᠩᠭᠦ ᠶᠢᠨ ᠬᠤᠷᠠᠮᠳᠤᠭᠤᠯᠤᠯ ᠢᠶᠠᠷ ᠳᠠᠮᠵᠢᠨ ᠨᠡᠭᠡᠭᠡᠨ ᠬᠥᠭᠵᠢᠭᠦᠯᠦᠭᠰᠡᠨ ᠪᠠ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ ᠪᠠ ᠬᠠᠮᠵᠢᠯᠴᠠᠨ ᠬᠠᠮᠢᠶᠠᠷᠬᠤ ᠠᠵᠢᠯ ᠤᠨ ᠪᠠᠶᠢᠷᠢ ᠶᠢ ᠵᠢᠭᠠᠵᠤ ᠪᠠᠶᠢᠨ᠎ᠠ᠃ ᠡᠭᠦᠨ ᠳᠤ ᠭᠤᠣᠯᠳᠠᠭᠤ ᠳᠣᠣᠷᠠᠬᠢ ᠳᠥᠷᠪᠡᠨ ᠲᠠᠯ᠎ᠠ ᠶᠢ ᠪᠠᠭᠲᠠᠭᠠᠨ᠎ᠠ᠃ 1. ᠨᠡᠶᠢᠭᠡᠮ ᠲᠣᠭᠤᠷᠢᠭ ᠤᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ᠃ ᠡᠭᠦᠨ ᠳᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠴᠡᠪᠡᠷᠯᠡᠭᠡ ᠬᠢᠬᠦ᠂ ᠨᠣᠭᠤᠭᠠᠷᠠᠭᠤᠯᠤᠯᠲᠠ ᠶᠢ ᠪᠠᠲᠤᠯᠠᠬᠤ᠂ ᠭᠡᠷ ᠪᠦᠯᠢ ᠶᠢᠨ ᠦᠢᠯᠡᠴᠢᠯᠡᠭᠡ ᠬᠢᠬᠦ᠂ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ ᠦᠢᠯᠡᠴᠢᠯᠡᠭᠡ ᠶᠢᠨ ᠴᠢᠨᠠᠷᠲᠠᠢ ᠠᠵᠢᠯ ᠤᠨ ᠪᠠᠶᠢᠷᠢ ᠶᠢ ᠪᠠᠭᠲᠠᠭᠠᠨ᠎ᠠ︔ 2. ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠥᠷᠥᠯ ᠤᠨ ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠦᠨᠳᠦᠰᠦᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠲᠤᠰᠠᠯᠠᠭᠴᠢ᠂ ᠠᠮᠤᠷ ᠢ ᠬᠠᠮᠠᠭᠠᠯᠠᠵᠤ ᠲᠣᠭᠤᠷᠢᠨ ᠴᠠᠭᠳᠠᠭᠴᠢ᠂ ᠵᠠᠮ ᠬᠠᠷᠢᠯᠴᠠᠭ᠎ᠠ ᠶᠢ ᠬᠠᠮᠵᠢᠨ ᠬᠠᠮᠢᠶᠠᠷᠤᠭᠴᠢ᠂ ᠬᠤᠲᠠ ᠶᠢᠨ ᠬᠠᠮᠢᠶᠠᠷᠤᠯᠲᠠ ᠳᠤ ᠲᠤᠰᠠᠯᠠᠭᠴᠢ᠂ ᠵᠠᠰᠠᠮᠠᠯ ᠵᠠᠮ ᠢ ᠠᠰᠠᠷᠠᠨ ᠬᠠᠮᠠᠭᠠᠯᠠᠭᠴᠢ ᠵᠡᠷᠭᠡ ᠬᠠᠪᠰᠤᠷᠤᠨ ᠲᠤᠰᠠᠯᠠᠬᠤ ᠴᠢᠨᠠᠷᠲᠠᠢ ᠨᠡᠶᠢᠭᠡᠮ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠪᠠᠭᠲᠠᠭᠠᠨ᠎ᠠ︔ 3. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠶᠢᠨ ᠴᠢᠨᠠᠷᠲᠠᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠠᠵᠢᠯ ᠤᠨ ᠪᠠᠶᠢᠷᠢ᠃ ᠡᠭᠦᠨ ᠳᠤ ᠪᠣᠳᠠᠲᠠᠢ ᠪᠠᠷ ᠬᠤᠷᠢᠶᠠᠨ ᠠᠪᠬᠤ ᠪᠠ ᠢᠯᠡᠭᠡᠬᠦ᠂ ᠴᠡᠪᠡᠷᠯᠡᠭᠡ ᠬᠢᠬᠦ᠂ ᠡᠭᠦᠳᠡᠨ ᠳᠤ ᠬᠠᠷᠠᠭᠤᠯ ᠵᠣᠭᠰᠣᠬᠤ᠂ ᠦᠰᠦᠭ ᠴᠣᠬᠢᠬᠤ ᠵᠡᠷᠭᠡ ᠬᠠᠪᠰᠤᠷᠤᠨ ᠲᠤᠰᠠᠯᠠᠬᠤ ᠴᠢᠨᠠᠷᠲᠠᠢ ᠠᠵᠢᠯ ᠤᠨ ᠪᠠᠶᠢᠷᠢ ᠶᠢ ᠪᠠᠭᠲᠠᠭᠠᠨ᠎ᠠ᠃ 4. ᠡᠯ᠎ᠡ ᠭᠠᠵᠠᠷ ᠤᠨ ᠬᠢᠨ ᠤ ᠲᠣᠭᠲᠠᠭᠠᠭᠰᠠᠨ ᠪᠤᠰᠤᠳ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ