ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠬᠯᠠᠭᠠᠨ ᠪᠡᠯᠡᠳᠬᠡᠯ ᠺᠣᠮᠢᠰ ᠠᠴᠠ ᠣᠶᠢᠯᠠᠭᠠᠭᠰᠠᠨ ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠠᠭᠤᠴᠢᠯᠠᠭᠤᠷ ᠤᠨ ᠲᠥᠪ ᠤᠨ ᠪᠠᠷᠢᠯᠭ᠎ᠠ ᠶᠢᠨ | ᠠᠵᠢᠯ ᠤᠨ ᠡᠬᠢᠯᠡᠯᠲᠡ ᠶᠢᠨ ᠶᠣᠰᠣᠯᠠᠯ 12 ᠰᠠᠷ᠎ᠠ ᠶᠢᠨ 5 ᠤ ᠡᠳᠦᠷ ᠬᠥᠯᠥᠨ ᠪᠤᠶᠢᠷ ᠬᠤᠳᠠ ᠳᠤ ᠶᠠᠪᠤᠭᠳᠠᠵᠤ᠂ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠬᠡ ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠵᠠᠭᠤᠴᠢᠯᠠᠭᠤᠷ ᠤᠨ ᠲᠥᠪ 2020 ᠣᠨ ᠤ 2 | ᠰᠠᠷ᠎ᠠ ᠶᠢᠨ ᠡᠬᠢ ᠪᠠᠷ ᠵᠢᠩᠬᠢᠨᠢ ᠪᠠᠷ ᠠᠰᠢᠬᠯᠠᠯᠳᠠ ᠳᠤ ᠣᠷᠣᠬᠤ ᠪᠣᠯᠤᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠬᠯᠠᠭᠠᠨ ᠤ ᠵᠠᠭᠤᠴᠢᠯᠠᠭᠤᠷ ᠤᠨ ᠲᠥᠪ ᠤᠨ ᠵᠢᠷᠤᠵᠥ ᠲᠥᠰᠥᠪᠯᠡᠭᠰᠡᠨ ᠶᠡᠷᠦᠩᠬᠡᠶ ᠲᠠᠯᠠᠪᠠᠢ ᠨᠢ 10000 ᠲᠡᠭᠰᠢ | ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠷᠠᠳᠢᠣ᠋ ᠲᠧᠯᠸᠢᠰ ᠤᠨ ᠲᠥᠪ ︵IBC︶ ᠪᠠ ᠰᠣᠨᠢᠨ ᠮᠡᠳᠡᠭᠡᠨ ᠤ | ᠲᠥᠪ ︵MPC︶ ᠭᠡᠬᠦ ᠬᠤᠶᠠᠷ ᠭᠤᠤᠯ ᠭᠡᠰᠡᠭ ᠢᠶᠠᠷ ᠪᠥᠷᠢᠯᠳᠤᠪᠠ᠃ ᠡᠭᠦᠨ ᠳᠤ ᠷᠠᠳᠢᠣ᠋ ᠲᠧᠯᠸᠢᠰ ᠤᠨ ᠲᠥᠪ ᠢ | ᠲᠥᠪ ᠤᠨ ᠲᠧᠯᠸᠢᠰ ᠬᠤᠷᠢᠶᠠᠨ ᠤ ᠮᠡᠷᠭᠡᠵᠢᠯ ᠤᠨ ᠪᠦᠯᠬᠦᠮ ᠨᠢᠭᠡᠴᠢ ᠠᠴᠠ ᠬᠠᠷᠢᠭᠤᠴᠠᠨ ᠪᠠᠶᠢᠭᠤᠯᠵᠤ᠂ ᠲᠤᠰ | ᠬᠤᠭᠤᠴᠠᠭᠠᠨ ᠤ ᠲᠠᠮᠢᠷ ᠤᠨ ᠴᠤᠬᠯᠠᠭᠠᠨ ᠤ ᠪᠦᠬᠦ᠋ᠢᠯᠡ ᠲᠧᠯᠸᠢᠰ ᠤᠨ ᠳᠠᠮᠵᠢᠭᠤᠯᠤᠨ ᠨᠡᠪᠲᠡᠷᠡᠭᠦᠯᠬᠦ ᠬᠥᠢᠰᠤ | ᠤᠷᠤᠨ ᠪᠣᠯᠤᠨ᠎ᠠ᠂ ᠡᠯ᠎ᠡ ᠷᠠᠳᠢᠣ᠋ ᠲᠧᠯᠸᠢᠰ ᠬᠤᠷᠢᠶ᠎ᠠ ᠶᠢᠨ ᠪᠠᠶᠢᠭᠤᠯᠤᠮᠵᠢ ᠨᠢ ᠤᠷᠤᠯᠳᠤᠭᠠᠨ ᠤ ᠶᠠᠪᠤᠴᠠ ᠳᠤ | ᠳᠠᠮᠵᠢᠭᠤᠯᠤᠨ ᠨᠡᠪᠲᠡᠷᠡᠭᠦᠯᠬᠦ᠂ ᠬᠤᠷᠢᠶᠠᠨ ᠰᠢᠩᠭᠡᠭᠡᠬᠦ᠂ ᠦᠢᠯᠡᠳᠬᠦ ᠪᠠ ᠤᠷᠤᠯᠳᠤᠭᠠᠨ ᠤ ᠠᠭᠤᠯᠭ᠎ᠠ ᠶᠢ | ᠨᠠᠶᠢᠷᠠᠭᠤᠯᠬᠤ ᠲᠠᠯᠠᠪᠤᠷ ᠪᠣᠯᠤᠨ᠎ᠠ᠃ ᠪᠠᠷᠢᠯᠭ᠎ᠠ ᠶᠢᠨ ᠲᠥᠪ ᠲᠡᠭᠡᠨ ᠵᠠᠭᠤᠴᠢᠯᠠᠭᠤᠷ ᠤᠨ 5 ᠤᠷᠤᠨ ᠲᠤᠭᠤᠷᠢᠬ ᠢ | ᠵᠢᠷᠤᠵᠥ ᠲᠥᠯᠥᠪᠵᠢᠬᠦᠯᠵᠥ᠂ ᠭᠤᠤᠯᠳᠠᠭᠤ ᠬᠥᠳᠥᠯᠥᠭᠴᠢ ᠨᠡᠪᠳᠡᠷᠡᠬᠦᠯᠥᠭᠴᠢ ᠶᠢᠨ ᠪᠠᠶᠢᠭᠤᠯᠤᠮᠵᠢ ᠶᠢᠨ ᠮᠡᠷᠭᠡᠵᠢᠯ ᠤᠨ | ᠠᠵᠢᠯᠯᠠᠭᠠᠨ ᠤ ᠲᠣᠭᠤᠷᠢᠭ᠂ ᠬᠥᠳᠥᠯᠥᠭᠴᠢ ᠨᠡᠪᠳᠡᠷᠡᠬᠦᠯᠥᠭᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠠᠵᠢᠯᠯᠠᠭᠠᠨ ᠤ ᠲᠣᠭᠤᠷᠢᠭ᠂ ᠡᠯ᠎ᠠ ᠵᠠᠷ ᠮᠡᠳᠡᠭᠡ ᠶᠢᠨ ᠲᠠᠮᠵᠢᠭᠤᠯᠭ᠎ᠠ ᠶᠢᠨ ᠫᠷᠤᠭ᠍ᠷᠠᠮ ᠢ ᠦᠢᠯᠡᠳᠬᠦ ᠪᠠ ᠠᠯᠪᠠᠯᠠᠬᠤ | ᠲᠣᠭᠤᠷᠢᠭ᠂ ᠭᠠᠵᠠᠷ ᠳᠣᠤᠷᠠᠬᠢ ᠬᠥᠮᠥᠷᠭᠡ ᠪᠣᠯᠤᠨ ᠠᠰᠠᠷ ᠤᠨ ᠭᠠᠳᠠᠨᠠᠬᠢ ᠳᠠᠭᠠᠭᠤᠯᠢ ᠣᠳᠣᠨ ᠤ ᠲᠠᠮᠵᠢᠭᠤᠯᠭ᠎ᠠ | ᠶᠢᠨ ᠲᠡᠷᠭᠡᠨ ᠵᠣᠭᠰᠣᠭᠠᠯ ᠤᠨ ᠲᠣᠭᠤᠷᠢᠭ᠂ 4K ᠵᠡᠷᠭᠡ ᠰᠢᠨ᠎ᠡ ᠮᠡᠷᠭᠡᠵᠢᠯ ᠤᠨ ᠦᠵᠡᠭᠦᠯᠭᠡ ᠶᠢᠨ ᠲᠣᠭᠤᠷᠢᠭ ᠢ | ᠲᠤᠬᠢᠷᠠᠭᠤᠯᠤᠬᠰᠠᠨ ᠪᠠᠶᠢᠨ᠎ᠠ᠃ |