ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠠᠷᠪᠠ︶
ᠨᠡᠶᠢᠲᠡᠯᠡᠭᠰᠡᠨ ᠴᠠᠭ᠄
2019/12/13
     ᠠᠷᠪᠠ ᠶᠢᠰᠦ᠂ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠡᠲᠡᠭᠡᠳ ᠤᠨ ᠬᠡᠪᠴᠢᠶ᠎ᠡ ᠨᠢ ᠶᠠᠭᠤ ᠪᠣᠢ︖      ᠬᠠᠷᠢᠭᠤᠯᠲᠠ᠄  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠳᠣᠲᠣᠷ᠎ᠠ᠂ ᠠᠵᠢᠯ ᠣᠯᠵᠤ ᠠᠳᠠᠯ ᠦᠢᠯᠡᠰ ᠪᠣᠰᠬᠠᠬᠤ ᠴᠢᠳᠠᠪᠤᠷᠢ ᠲᠠᠢ ᠮᠥᠷᠲᠡᠭᠡᠨ ᠠᠵᠢᠯ ᠣᠯᠬᠤ ᠪᠤᠶᠤ ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠪᠣᠢ ᠪᠦᠬᠦᠢ ᠨᠠᠰᠤᠨ ᠳᠤ ᠬᠦᠷᠦᠭᠰᠡᠨ ᠬᠥᠳᠡᠯᠮᠦᠷᠢᠯᠡᠭᠴᠢ ᠪᠣᠯᠣᠨ᠎ᠠ᠃      ᠬᠤᠷᠢ᠂ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠶᠠᠮᠠᠷ ᠶᠠᠮᠠᠷ ᠪᠣᠢ︖      ᠬᠠᠷᠢᠭᠤᠯᠲᠠ᠄ 1. 5 ᠬᠥᠮᠥᠨ ︵5 ᠬᠥᠮᠥᠨ ᠢ ᠪᠠᠭᠲᠠᠭᠠᠨ᠎ᠠ︶ ᠠᠴᠠ ᠳᠡᠭᠡᠭᠰᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠣᠷᠣᠭᠤᠯᠤᠨ ᠠᠵᠢᠯ ᠣᠯᠭᠤᠵᠤ᠂ ᠲᠡᠳᠡ ᠨᠠᠷ ᠲᠠᠢ 6 ᠰᠠᠷ᠎ᠠ ︵6 ᠰᠠᠷ᠎ᠠ ᠶᠢ ᠪᠠᠭᠲᠠᠭᠠᠨ᠎ᠠ︶ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠪᠤᠶᠤ ᠠᠵᠢᠯ ᠣᠯᠭᠤᠬᠤ ᠬᠡᠯᠡᠯᠴᠡᠭᠡᠷ ᠲᠣᠭᠲᠠᠭᠰᠠᠨ ᠢᠶᠠᠷ ᠪᠠᠷᠠᠬᠤ ᠦᠭᠡᠢ᠂ ᠴᠠᠯᠢᠩ ᠤᠨ ᠬᠠᠷᠠᠭᠠᠯᠵᠠᠯ ᠨᠢ ᠲᠤᠬᠠᠢ ᠶᠢᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ ᠨᠡᠶᠢᠭᠡᠮ ᠲᠣᠭᠤᠷᠢᠭ ᠤᠨ ᠦᠢᠯᠡᠳᠪᠦᠷᠢ᠂ ᠳᠠᠭᠠᠭᠤᠯᠢ ᠣᠳᠣᠨ ᠤ ᠦᠢᠯᠡᠳᠪᠦᠷᠢ᠂ ᠠᠵᠢᠯ ᠣᠯᠭᠤᠬᠤ ᠥᠷᠲᠡᠭᠡ᠂ ᠠᠵᠢᠯ ᠣᠯᠭᠤᠬᠤ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠵᠡᠷᠭᠡ ᠠᠴᠢᠶᠠᠯᠠᠭᠴᠢ ᠳᠤ᠂ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠪᠠᠷ ᠳᠠᠮᠵᠢᠭᠤᠯᠤᠨ ᠲᠣᠭᠲᠠᠭᠠᠯ ᠶᠣᠰᠣᠭᠠᠷ ᠨᠢᠭᠡ ᠯᠡ ᠤᠳᠠᠭ᠎ᠠ ᠳᠡᠭᠡᠷ᠎ᠡ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠪᠠ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠠᠴᠠ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠣᠷᠣᠭᠤᠯᠤᠨ ᠠᠵᠢᠯ ᠣᠯᠭᠤᠭᠰᠠᠨ ᠤ ᠬᠠᠮᠲᠤ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠤᠭᠰᠠᠨ ᠪᠣᠯ᠂ ᠣᠷᠣᠭᠤᠯᠤᠭᠰᠠᠨ ᠬᠥᠮᠥᠨ ᠤ ᠲᠤᠭ᠎ᠠ ᠶᠢ ᠨᠢ ᠦᠨᠳᠦᠰᠦᠯᠡᠨ᠂ ᠵᠣᠬᠢᠬᠤ ᠬᠤᠭᠤᠴᠠᠭᠠᠨ ᠤ ᠬᠢᠵᠠᠭᠠᠷ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ ᠣᠯᠭᠤᠵᠤ᠂ ᠬᠠᠮᠤᠭ ᠤᠨ ᠤᠷᠲᠤ ᠳᠤ ᠪᠠᠨ 6 ᠰᠠᠷ᠎ᠠ ᠠᠴᠠ ᠬᠡᠲᠦᠷᠡᠵᠦ ᠪᠣᠯᠬᠤ ᠦᠭᠡᠢ᠃ 2. ᠮᠡᠷᠭᠡᠵᠢᠯ ᠤᠨ ᠠᠵᠢᠯᠲᠠᠨ ᠤ ᠶᠡᠭᠡ ᠳᠡᠭᠡᠳᠦ ᠰᠤᠷᠭᠠᠭᠤᠯᠢ ᠶᠢᠨ ᠬᠥᠮᠥᠵᠢᠭᠦᠯᠦᠨ ᠪᠣᠯᠪᠠᠰᠤᠷᠠᠭᠤᠯᠬᠤ ᠰᠢᠭᠤᠳ ᠨᠡᠪᠲᠡᠷᠡᠬᠦ ᠵᠠᠮ ᠢ ᠨᠡᠭᠡᠭᠡᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠲᠤ ᠤᠷᠢᠳ ᠢᠶᠠᠷ ᠡᠯᠰᠡᠨ ᠬᠡᠷᠡᠭᠯᠡᠬᠦ᠂ ᠲᠤᠰᠬᠠᠢ ᠮᠡᠷᠭᠡᠵᠢᠯ ᠰᠣᠩᠭᠤᠬᠤ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯ ᠤᠨ ᠬᠡᠮᠵᠢᠶ᠎ᠡ ᠪᠠᠷ ᠨᠡᠯᠢᠶᠡᠳ ᠭᠦᠨᠵᠡᠭᠡᠢ ᠵᠠᠬᠢᠶᠠᠯᠠᠭ᠎ᠠ ᠶᠢᠨ ᠬᠠᠭᠤᠳᠠᠰᠤ ᠶᠢᠨ ᠬᠠᠨᠳᠤᠯᠭ᠎ᠠ ᠲᠠᠢ ᠪᠣᠯᠪᠠᠰᠤᠷᠠᠭᠤᠯᠤᠯ ᠤᠨ ᠠᠩᠭᠢ ᠪᠤᠶᠤ ᠠᠵᠤ ᠠᠬᠤᠶᠢᠯᠠᠯ ᠤᠨ ᠨᠡᠷ᠎ᠡ ᠬᠠᠳᠠᠭᠰᠠᠨ ᠠᠩᠭᠢ ᠳᠤ ᠲᠣᠬᠢᠷᠠᠭᠤᠯᠤᠨ ᠰᠤᠷᠤᠯᠴᠠᠭᠤᠯᠬᠤ ᠵᠡᠷᠭᠡ ᠠᠵᠠ ᠲᠣᠬᠢᠶᠠᠯ ᠢ ᠬᠦᠷᠲᠡᠭᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠢ ᠳᠡᠮᠵᠢᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠣᠯ᠂ ᠰᠤᠷᠤᠯᠭ᠎ᠠ ᠶᠢᠨ ᠰᠦᠢᠳᠬᠡᠯ ᠢ ᠨᠢ ᠬᠡᠯᠲᠦᠷᠢᠭᠦᠯᠬᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠ ᠰᠤᠷᠤᠯᠭ᠎ᠠ ᠶᠢᠨ ᠬᠥᠬᠢᠭᠦᠯᠦᠯ ᠤᠨ ᠮᠥᠩᠭᠦ ᠣᠯᠭᠤᠬᠤ ᠵᠡᠷᠭᠡ ᠰᠤᠷᠤᠯᠭ᠎ᠠ ᠶᠢᠨ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠤᠷᠢᠳᠴᠢᠯᠠᠨ ᠬᠦᠷᠲᠡᠭᠡᠵᠦ᠂ ᠰᠤᠷᠭᠠᠭᠤᠯᠢ ᠶᠢᠨ ᠳᠣᠲᠣᠭᠠᠳᠤ ᠳᠤ ᠠᠵᠢᠯ ᠢᠶᠠᠷ ᠰᠤᠷᠤᠯᠭ᠎ᠠ ᠪᠠᠨ ᠲᠤᠰᠠᠯᠠᠬᠤ ᠪᠠ ᠳᠠᠳᠤᠯᠭ᠎ᠠ ᠬᠢᠯᠭᠡᠬᠦ ᠪᠠᠷ ᠲᠣᠬᠢᠷᠠᠭᠤᠯᠵᠤ᠂ ᠤᠷᠢᠳᠴᠢᠯᠠᠨ ᠲᠠᠨᠢᠯᠴᠠᠭᠤᠯᠵᠤ ᠠᠵᠢᠯ ᠣᠯᠭᠤᠨ᠎ᠠ᠃ 3. ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠨ᠎ᠠ᠃ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ ᠪᠣᠯᠪᠠᠰᠤᠷᠠᠭᠤᠯᠤᠯ ᠤᠨ ᠬᠤᠭᠤᠴᠠᠭᠠᠨ ᠤ ᠵᠣᠬᠢᠬᠤ ᠠᠮᠢᠳᠤᠷᠠᠯ ᠤᠨ ᠰᠦᠢᠳᠬᠡᠯ ᠤᠨ ᠨᠥᠬᠦᠪᠦᠷᠢ ᠣᠯᠭᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠤᠨ ᠠᠵᠢᠯ ᠣᠯᠭᠤᠵᠤ ᠠᠳᠠᠯ ᠦᠢᠯᠡᠰ ᠪᠣᠰᠬᠠᠬᠤ ᠰᠦᠯᠵᠢᠶᠡᠨ ᠳᠡᠭᠡᠷ᠎ᠡ ᠰᠤᠷᠤᠯᠴᠠᠬᠤ ᠰᠦᠯᠵᠢᠶ᠎ᠡ ᠶᠢ ᠨᠡᠭᠡᠭᠡᠨ ᠨᠡᠪᠲᠡᠷᠡᠭᠦᠯᠵᠦ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠯ ᠬᠠᠩᠭᠠᠨ᠎ᠠ᠃ ᠪᠣᠯᠪᠠᠰᠤᠷᠠᠭᠤᠯᠤᠯ ᠳᠤ ᠣᠷᠣᠯᠴᠠᠬᠤ ᠬᠦᠰᠡᠯ ᠡᠷᠡᠮᠡᠯᠵᠡᠯ ᠲᠠᠢ ᠪᠠ ᠰᠦᠯᠵᠢᠶ᠎ᠡ ᠪᠠᠷ ᠪᠣᠯᠪᠠᠰᠤᠷᠠᠭᠤᠯᠤᠯ ᠳᠤ ᠣᠷᠣᠯᠴᠠᠬᠤ ᠱᠠᠭᠠᠷᠳᠠᠯᠭ᠎ᠠ ᠲᠠᠢ ᠰᠤᠷᠤᠯᠴᠠᠭᠴᠢᠳ 3 ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶ᠎ᠡ ᠪᠠᠷ ᠰᠤᠷᠤᠯᠴᠠᠵᠤ ᠪᠣᠯᠣᠨ᠎ᠠ᠃ nmgjztp.chinahrt.com ᠪᠠᠷ ᠳᠠᠮᠵᠢᠨ ᠰᠤᠷᠤᠯᠴᠠᠬᠤ ᠪᠤᠶᠤ ᠭᠠᠷ ᠤᠲᠠᠰᠤᠨ ᠳᠡᠭᠡᠷ᠎ᠡ ᠪᠠᠨ ᠬᠠᠮ ᠰᠤᠷᠤᠯᠴᠠᠯᠭ᠎ᠠ ᠶᠢᠨ APP ᠶᠢ ᠪᠠᠭᠤᠯᠭᠠᠵᠤ ᠪᠠᠶᠢᠭᠠᠳ ᠰᠦᠯᠵᠢᠶ᠎ᠡ ᠪᠠᠷ ᠰᠤᠷᠤᠯᠴᠠᠨ᠎ᠠ᠃ 4. ᠠᠳᠠᠯ ᠦᠢᠯᠡᠰ ᠪᠣᠰᠬᠠᠬᠤ ᠶᠢ ᠲᠡᠳᠬᠦᠨ ᠳᠡᠮᠵᠢᠨ᠎ᠡ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠠᠶᠢᠭᠤᠯᠤᠨ ᠡᠷᠬᠢᠯᠡᠭᠰᠡᠨ ᠪᠠ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠪᠠᠶᠢᠭᠤᠯᠤᠨ ᠡᠷᠬᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ 6 ᠰᠠᠷ᠎ᠠ ᠠᠴᠠ ᠳᠡᠭᠡᠭᠰᠢ ᠬᠡᠪ ᠢᠶᠠᠷ ᠠᠵᠢᠯᠯᠠᠭᠤᠯᠤᠨ ᠡᠵᠡᠩᠨᠡᠭᠰᠡᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠪᠠ ᠮᠠᠯᠴᠢᠨ ᠲᠠᠷᠢᠶᠠᠴᠢᠨ ᠬᠦᠴᠦᠨ ᠤ ᠠᠵᠢᠯ ᠬᠢᠭᠰᠡᠳ ᠵᠡᠷᠭᠡ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠭᠴᠢᠳ ᠲᠤ᠂ ᠨᠢᠭᠡ ᠯᠡ ᠤᠳᠠᠭ᠎ᠠ ᠳᠡᠭᠡᠷ᠎ᠡ ᠠᠳᠠᠯ ᠦᠢᠯᠡᠰ ᠪᠣᠰᠬᠠᠬᠤ ᠨᠥᠬᠦᠪᠦᠷᠢ ᠣᠯᠭᠤᠨ᠎ᠠ᠃ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠭᠴᠢᠳ ᠪᠠ ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ ᠠᠳᠠᠯ ᠦᠢᠯᠡᠰ ᠪᠣᠰᠬᠠᠬᠤ ᠵᠢᠯᠣᠭᠤᠳᠤᠯᠭ᠎ᠠ᠂ ᠲᠥᠷᠥᠯ ᠵᠦᠢᠯ ᠤᠨ ᠲᠠᠨᠢᠯᠴᠠᠭᠤᠯᠭ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠵᠡᠷᠭᠡ ᠠᠳᠠᠯ ᠦᠢᠯᠡᠰ ᠪᠣᠰᠬᠠᠬᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ᠃ 5. ᠬᠥᠳᠡᠯᠮᠦᠷᠢ ᠬᠦᠴᠦᠨ ᠢ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠬᠤᠰᠢᠭᠤ ᠰᠢᠶᠠᠨ ᠠᠴᠠ ᠨᠢ ᠵᠣᠬᠢᠶᠠᠨ ᠪᠠᠶᠢᠭᠤᠯᠤᠯᠲᠠ ᠲᠠᠢ ᠪᠠᠷ ᠭᠠᠳᠠᠭᠰᠢ ᠭᠠᠷᠭᠠᠬᠤ ᠪᠠᠷ ᠳᠠᠮᠵᠢᠭᠤᠯᠤᠨ ᠠᠵᠢᠯ ᠣᠯᠭᠤᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ᠂ ᠨᠢᠭᠡ ᠯᠡ ᠤᠳᠠᠭ᠎ᠠ ᠳᠡᠭᠡᠷ᠎ᠡ ᠠᠵᠢᠯ ᠡᠷᠡᠮᠡᠯᠵᠡᠵᠦ ᠠᠳᠠᠯ ᠦᠢᠯᠡᠰ ᠪᠣᠰᠬᠠᠬᠤ ᠨᠥᠬᠦᠪᠦᠷᠢ ᠣᠯᠭᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ