ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠠᠴᠠ ᠣᠶᠢᠯᠠᠭᠠᠭᠰᠠᠨ ᠢᠶᠠᠷ᠂ 2014 | ᠣᠨ ᠠᠴᠠ ᠨᠠᠭᠠᠰᠢ᠂ ᠮᠠᠨ ᠤ ᠣᠷᠣᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠨᠡᠶᠢᠲᠡ 3.4 ᠲᠦᠮᠡᠨ | ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ 234 ᠲᠦᠮᠡᠨ ᠬᠥᠮᠦᠨ ᠤᠳᠠᠭ᠎ᠠ | ᠲᠡᠳᠬᠦᠨ ᠳᠠᠮᠵᠢᠪᠠ᠃ ᠡᠭᠦᠨ ᠳᠤ᠂ 2019 ᠣᠨ ᠳᠤ 8096 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ | ᠬᠦᠴᠢᠷᠳᠡᠯᠲᠡᠶ ᠬᠥᠮᠦᠨ ᠠᠮᠠ ᠶᠢ 115.2 ᠲᠦᠮᠡᠨ ᠬᠥᠮᠦᠨ ᠤᠳᠠᠭ᠎ᠠ ᠲᠡᠳᠬᠦᠨ ᠳᠠᠮᠵᠢᠪᠠ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ 7065 ᠲᠥᠷᠥᠯ ᠵᠦᠢᠯ ᠢ ᠬᠡᠷᠡᠭᠵᠢᠭᠦᠯᠵᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠭᠠᠭ᠋ᠠᠶ᠂ | ᠭᠡᠷ ᠤᠨ ᠵᠢᠭᠦᠷᠲᠡᠨ᠂ ᠡᠪᠡᠰᠦ ᠪᠣᠷᠳᠤᠭ᠎ᠠ᠂ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ ᠵᠡᠷᠭᠡ 8 ᠶᠡᠭᠡ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢᠨ ᠬᠠᠮᠲᠤ᠂ ︽ᠲᠣᠪᠶᠤᠭ ᠤᠨ ᠬᠡᠯᠪᠡᠷᠢ︾ | ᠪᠠᠷ ᠶᠠᠳᠠᠭᠤ ᠶᠢ ᠲᠡᠳᠬᠦᠬᠦ᠂ ᠠᠵᠤ ᠠᠬᠤᠶᠢᠯᠠᠯ ᠢᠶᠠᠷ ᠳᠠᠶᠢᠴᠢᠯᠠᠬᠤ᠂ ᠡᠳ᠋ ᠬᠥᠷᠥᠩᠭᠡ ᠪᠠᠷ ᠠᠰᠢᠭ ᠬᠦᠷᠲᠡᠬᠦ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ 83.15 ᠲᠦᠮᠡᠨ ᠬᠥᠮᠦᠨ ᠤᠳᠠᠭ᠎ᠠ ᠬᠠᠮᠤᠷᠴᠤ᠂ ᠨᠠᠩ | ᠣᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠤ ᠦᠢᠯᠡᠰ ᠤᠨ ᠬᠡᠯᠬᠢᠶ᠎ᠡ ᠠᠴᠠ ᠠᠰᠢᠭ ᠬᠦᠷᠲᠡᠭᠡᠵᠦ᠂ ᠪᠠᠰᠠ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠪᠡᠯᠡ ᠮᠥᠩᠭᠦ ᠶᠢ 140 ᠳ᠋ᠦᠩᠰᠢᠭᠤᠷ ᠲᠥᠭᠦᠷᠢᠭ ᠣᠷᠣᠭᠤᠯᠵᠤ᠂ ᠣᠨᠴᠠᠯᠢᠭᠲᠤ ᠭᠤᠤᠯᠯᠠᠬᠤ | ᠠᠵᠤ ᠦᠢᠯᠡᠰ ᠤᠨ ᠬᠥᠭᠵᠢᠯᠲᠡ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠳᠠᠮᠵᠢᠪᠠ᠃ ᠡᠭᠦᠨ ᠤ ᠬᠠᠮᠲᠤ᠂ ᠡᠨᠡ ᠵᠢᠯ 6400 ᠲᠦᠮᠡᠨ ᠲᠥᠭᠦᠷᠢᠭ ᠤᠨ ᠪᠡᠯᠡ ᠣᠷᠤᠭᠤᠯᠤᠨ᠂ 152 | ᠵᠢᠭᠤᠯᠴᠢᠯᠠᠯ ᠤᠨ ᠲᠥᠷᠦᠯ ᠵᠦᠢᠯ ᠢ ᠬᠡᠷᠡᠭᠵᠢᠭᠦᠯᠵᠦ᠂ 4199 ᠡᠷᠦᠬᠡ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠳᠠᠶᠢᠴᠢᠯᠠᠪᠠ᠃ | ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ︽13·5︾ ᠬᠤᠭᠤᠴᠠᠭᠠᠨ ᠤ ᠨᠢᠭᠡᠳᠦᠭᠡᠷ | ᠪᠦᠯᠦᠭ ᠤᠨ 36.8 ᠲᠦᠮᠡᠨ ᠺᠢᠯᠣᠸᠠᠲ ᠤᠨ ᠲᠣᠰᠬᠤᠨ ᠤ ᠲᠡᠰ ᠤᠨ ᠭᠡᠷᠡᠯ ᠸᠣᠯᠲ ᠤᠨ ᠴᠠᠬᠢᠯᠭᠠᠨ ᠥᠷᠲᠡᠭᠡ ᠶᠢ | ᠨᠢᠭᠡᠨᠲᠡ ᠪᠠᠶᠢᠭᠤᠯᠤᠨ ᠲᠣᠤᠷ ᠲᠤ ᠨᠡᠶᠢᠯᠡᠭᠦᠯᠵᠦ᠂ 5.9 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ︔ ᠬᠤᠶᠠᠳᠤᠭᠠᠷ ᠪᠦᠯᠦᠭ ᠤᠨ 27.9 ᠲᠦᠮᠡᠨ ᠺᠢᠯᠣᠸᠠᠲ ᠤᠨ | ᠲᠣᠰᠬᠤᠨ ᠤ ᠲᠡᠰ ᠤᠨ ᠭᠡᠷᠡᠯ ᠸᠣᠯᠲ ᠤᠨ ᠴᠠᠬᠢᠯᠭᠠᠨ ᠥᠷᠲᠡᠭᠡ ᠶᠢ ᠪᠦᠬᠦᠨ ᠢ ᠠᠵᠢᠯ ᠡᠬᠢᠯᠡᠭᠦᠯᠵᠦ᠂ 5.4 | ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠮᠤᠷᠴᠤ᠂ ᠵᠢᠯ ᠤᠨ ᠡᠴᠦᠰ ᠠᠴᠠ ᠡᠮᠦᠨ᠎ᠡ ᠪᠦᠬᠦᠨ ᠢ | ᠪᠠᠶᠢᠭᠤᠯᠤᠨ ᠲᠣᠤᠷ ᠲᠤ ᠨᠡᠶᠢᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ | ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠵᠤ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠪᠣᠳᠠᠲᠤ ᠦᠷ᠎ᠡ ᠪᠦᠲᠦᠮᠵᠢ ᠣᠯᠵᠤ᠂ 2016 ᠣᠨ ᠠᠴᠠ | ᠨᠠᠭᠠᠰᠢ᠂ ᠪᠦᠬᠦ ᠣᠷᠣᠨ ᠳᠤ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ 48 ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ 4040 ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ | ᠬᠥᠮᠦᠨ ᠠᠮᠠ ᠳᠤ ᠨᠡᠶᠢᠲᠡ 48.1 ᠲᠦᠮᠡᠨ ᠬᠥᠮᠦᠨ ᠤᠳᠠᠭ᠎ᠠ ᠦᠢᠯᠡᠴᠢᠯᠡᠵᠦ᠂ 2019 ᠣᠨ ᠳᠤ ᠶᠠᠳᠠᠭᠤ | ᠬᠦᠴᠢᠷᠳᠡᠯᠲᠡᠶ ᠡᠷᠦᠬᠡ ᠶᠢ ᠬᠠᠪᠰᠤᠷᠤᠨ ᠪᠣᠷᠣᠯᠠᠭᠤᠯᠭ᠎ᠠ ᠶᠢᠨ ᠣᠷᠣᠯᠭ᠎ᠠ ᠶᠢ ᠨᠢ 8520.4 ᠲᠦᠮᠡᠨ ᠲᠥᠭᠦᠷᠢᠭ | ᠪᠡᠶᠡᠯᠡᠭᠦᠯᠵᠦ᠂ 1.14 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠠᠵᠢᠯ ᠣᠯᠭᠤᠵᠤ ᠦᠢᠯᠡᠰ | ᠴᠣᠭᠴᠠᠯᠠᠭᠤᠯᠪᠠ᠃ |