ᠮᠠ ᠰᠢᠤᠸᠠᠢ ᠵᠢᠶᠦ᠋ᠨ ᠤᠯᠠᠭᠠᠨᠴᠠᠪ ᠬᠤᠳᠠ ᠶᠢᠨ ᠳᠦᠷᠪᠡᠳ ᠬᠤᠰᠢᠭᠤᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠢᠮᠠᠭᠳᠠ ᠤᠮᠤᠭ ᠲᠡᠭᠦᠯᠳᠡᠷ ᠲᠡᠮᠡᠴᠡᠯ ᠤᠨ ᠵᠤᠷᠢᠭ ᠢ ᠡᠪᠦᠷᠯᠡᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ
ᠨᠡᠶᠢᠲᠡᠯᠡᠭᠰᠡᠨ ᠴᠠᠭ᠄
2019/12/16
     12 ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠤᠯᠠᠭᠠᠨᠴᠠᠪ ᠬᠤᠳᠠ ᠶᠢᠨ ᠳᠦᠷᠪᠡᠳ ᠬᠤᠰᠢᠭᠤᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠠᠢ᠃      ᠵᠦᠩ ᠵᠢᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂ ᠵᠢᠩ ᠰᠢᠨ ᠲᠠᠷᠢᠶᠠᠯᠠᠩ ᠤᠨ ᠺᠤᠮᠫᠠᠨᠢ᠂ ᠰᠠᠶᠢᠨᠤ ᠬᠤᠴᠠ ᠤᠬᠤᠨ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠳᠤ ᠮᠠ ᠰᠢᠤᠸᠠᠢ ᠵᠢᠶᠦ᠋ᠨ ᠠᠵᠤ ᠠᠬᠤᠢᠢᠯᠠᠯ ᠤᠨ ᠬᠦᠭᠵᠢᠯᠳᠡ ᠵᠢᠴᠢ ᠶᠠᠳᠠᠭᠤ ᠬᠦᠴᠢᠷᠳᠡᠯᠳᠠᠢ ᠡᠷᠦᠬᠡ ᠶᠢ ᠳᠠᠶᠢᠴᠢᠯᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠡᠷᠰᠡᠳᠠᠢ ᠪᠠᠯᠭᠠᠰᠤᠨ ᠤ ᠺᠦᠨ ᠶᠤᠸᠠᠢ ᠲᠤᠰᠬᠤᠨ ᠳᠤ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠪᠤᠯᠭᠤᠭᠠᠨ ᠦᠵᠡᠵᠤ᠂ ᠳᠡᠳᠡᠨ ᠢ ᠢᠳᠡᠭᠡᠯ ᠢᠶᠠᠨ ᠪᠠᠳᠤᠳᠬᠠᠨ᠂ ᠶᠠᠳᠠᠭᠤ ᠠᠴᠠ ᠠᠩᠭᠢᠵᠢᠷᠠᠭᠰᠠᠨ ᠰᠠᠭᠤᠷᠢᠨ ᠳᠡᠭᠡᠷ᠎ᠠ ᠨᠠᠮ ᠤᠨ ᠰᠠᠶᠢᠨ ᠲᠦᠷᠦ ᠶᠢᠨ ᠪᠤᠳᠤᠯᠭ᠎ᠠ ᠪᠤᠯᠤᠨ ᠦᠪᠡᠷ ᠤᠨ ᠴᠢᠷᠮᠠᠶᠢᠯᠭ᠎ᠠ ᠳᠠᠭᠠᠨ ᠲᠦᠰᠢᠭᠯᠡᠨ ᠵᠤᠯ ᠵᠢᠷᠭᠠᠯ ᠲᠠᠢ ᠠᠮᠢᠳᠤᠷᠠᠭᠠᠷᠠᠢ ᠭᠡᠵᠤ ᠵᠤᠷᠢᠭᠵᠢᠭᠤᠯᠪᠠ᠃      ᠮᠠ ᠰᠢᠤᠸᠠᠢ ᠵᠢᠶᠦ᠋ᠨ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠭᠦᠬᠦ ᠠᠵᠢᠯ ᠤᠨ ᠲᠤᠬᠠᠢ ᠴᠢᠬᠤᠯᠠ ᠦᠭᠦᠯᠡᠯᠳᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠪᠤᠯᠤᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠬᠦᠴᠦ ᠪᠠᠨ ᠲᠦᠪᠯᠡᠷᠡᠭᠦᠯᠦᠨ ᠤᠨᠴᠠ ᠶᠠᠳᠠᠭᠤ ᠬᠦᠴᠢᠷᠳᠡᠯ ᠢ ᠠᠷᠢᠯᠭᠠᠬᠤ ᠳᠠᠶᠢᠨ ᠢ ᠰᠠᠶᠢᠳᠤᠷ ᠬᠢᠵᠤ᠂ ᠬᠠᠷᠢᠴᠠᠩᠭᠤᠢ ᠶᠠᠳᠠᠭᠤ ᠬᠦᠴᠢᠷᠳᠡᠯ ᠢ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠳᠠᠢ ᠲᠤᠭᠳᠠᠴᠠ ᠶᠢ ᠪᠠᠶᠢᠭᠤᠯᠵᠤ᠂ ᠲᠦᠮᠦᠰᠦᠨ ᠤ ᠠᠩᠬᠠᠨ ᠤ ᠡᠭᠦᠯᠳᠡᠷ ᠪᠤᠶᠢᠵᠢᠭᠤᠯᠬᠤ᠂ ᠨᠠᠷᠠᠨ ᠬᠤᠸᠠᠷ ᠤᠨ ᠦᠷ᠎ᠠ ᠶᠢ ᠨᠠᠷᠢᠯᠢᠭ ᠡᠳ᠋ᠰᠢᠭᠦᠯᠬᠦ᠂ ᠳ᠋ᠦ᠋ ᠮᠧᠩ ᠰᠠ ᠰᠢᠯᠢᠳᠡᠭ ᠬᠤᠴᠠ ᠤᠬᠤᠨ᠎ᠠ ᠪᠤᠶᠢᠵᠢᠭᠤᠯᠬᠤ ᠵᠡᠷᠭᠡ ᠳᠠᠭᠠᠭᠤᠯᠤᠭᠴᠢ ᠠᠵᠤ ᠠᠬᠤᠢᠢᠯᠠᠯ ᠤᠨ ᠶᠠᠳᠠᠭᠤ ᠶᠢ ᠳᠡᠳᠭᠦᠬᠦ ᠦᠢᠯᠡᠳᠦᠯ ᠢ ᠨᠡᠩ ᠰᠠᠶᠢᠨ ᠢᠶᠠᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠶᠢ ᠪᠡᠶᠡᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠠ ᠪᠦᠲᠦᠮᠵᠢ ᠶᠢ ᠪᠠᠬᠢᠵᠢᠭᠦᠯᠬᠦ ᠬᠡᠷᠡᠭᠳᠠᠢ᠃ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠲᠦᠮᠵᠢ ᠶᠢ ᠰᠢᠯᠭᠠᠨ ᠦᠨᠡᠯᠡᠬᠦ ᠪᠠᠷ ᠠᠵᠠ ᠳᠤᠬᠢᠶᠠᠯ ᠪᠤᠯᠭᠠᠵᠤ᠂ ᠨᠠᠷᠢᠯᠢᠭ ᠠᠴᠠ ᠨᠠᠷᠢᠯᠢᠭ᠂ ᠪᠤᠳᠠᠳᠠᠢ ᠠᠴᠠ ᠪᠤᠳᠠᠳᠠᠢ ᠤᠪᠤᠷ ᠢᠶᠠᠷ ᠳᠠᠬᠢᠨ ᠰᠢᠭᠰᠢᠨ ᠪᠠᠶᠢᠴᠠᠭᠠᠵᠤ᠂ ᠳᠠᠬᠢᠨ ᠴᠡᠭᠴᠡᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠠ ᠪᠦᠲᠦᠭᠡᠯ ᠢ ᠰᠢᠯᠭᠠᠯᠳᠠ ᠶᠢ ᠳᠠᠭᠠᠭᠠᠵᠤ ᠳᠡᠶᠢᠯᠬᠦ ᠪᠤᠯᠭᠠᠬᠤ ᠬᠡᠷᠡᠭᠳᠠᠢ᠃ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠶᠠᠳᠠᠭᠤ ᠠᠴᠠ ᠠᠩᠭᠢᠵᠢᠷᠠᠭᠰᠠᠨ ᠡᠰᠡᠬᠦ ᠶᠢ ᠴᠢᠩᠭ᠎ᠠ ᠰᠢᠯᠭᠠᠨ ᠪᠠᠶᠢᠴᠠᠭᠠᠵᠤ᠂ ᠳᠠᠬᠢᠨᠳᠠ ᠶᠠᠳᠠᠭᠤᠷᠠᠭᠰᠠᠨ ᠬᠦᠮᠦᠨ ᠠᠮᠠ ᠪᠤᠯᠤᠨ ᠰᠢᠨ᠎ᠠ ᠪᠠᠷ ᠪᠤᠢ ᠪᠤᠯᠤᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠬᠢᠨᠠᠨ ᠪᠠᠶᠢᠴᠠᠭᠠᠵᠤ ᠬᠠᠪᠰᠤᠷᠤᠨ ᠳᠡᠳᠭᠦᠬᠦ ᠠᠵᠢᠯ ᠢ ᠰᠠᠶᠢᠳᠤᠷ ᠬᠢᠵᠤ᠂ ᠡᠯ᠎ᠠ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠡᠷᠴᠢᠮ ᠢ ᠤᠯᠠᠮ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃      ᠶᠦᠩ ᠾᠧ ᠹᠯᠤᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠤ ᠺᠤᠮᠫᠠᠨᠢ ᠳᠤ ᠪᠠᠶᠢᠴᠠᠭᠠᠨ ᠰᠤᠳᠤᠯᠬᠤ ᠳᠠᠭᠠᠨ᠂ ᠮᠠ ᠰᠢᠤᠸᠠᠢ ᠵᠢᠶᠦ᠋ᠨ ᠠᠵᠤ ᠠᠬᠤᠢᠢᠯᠠᠯ ᠤᠨ ᠬᠠᠷᠢᠭᠤᠴᠠᠯᠭᠠᠳᠠᠨ ᠳᠤ᠂ ᠵᠢᠯ ᠤᠨ ᠰᠡᠭᠦᠯᠴᠢ ᠣᠨ ᠤ ᠡᠬᠢ ᠪᠠᠷ ᠠᠶᠤᠯᠭᠦᠢ ᠦᠢᠯᠡᠳᠪᠦᠷᠢᠯᠡᠯ ᠢ ᠨᠡᠩ ᠴᠢᠬᠤᠯᠠᠴᠢᠯᠠᠵᠤ᠂ ᠠᠮᠤᠷ ᠲᠦᠪᠰᠢᠨ ᠤ ᠠᠳᠡᠯ ᠡᠭᠦᠰᠬᠦ ᠶᠢ ᠰᠡᠷᠭᠡᠶᠢᠯᠡᠬᠦ ᠬᠡᠷᠡᠭᠳᠠᠢ ᠭᠡᠵᠤ ᠰᠠᠨᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号