ᠳᠥᠷᠪᠡ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠣᠯᠭᠤᠬᠤ ᠪᠠᠷᠢᠮᠵᠢᠶ᠎ᠠ ᠶᠢ ᠶᠠᠭᠠᠬᠢᠵᠤ | ᠲᠣᠭᠲᠠᠭᠠᠭᠰᠠᠨ ᠪᠣᠢ︖ | ᠬᠠᠷᠢᠭᠤᠯᠲᠠ᠄ 1 — 12 ᠳ᠋ᠤᠭᠠᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ | ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 90% ᠪᠠᠷ | ᠣᠯᠭᠤᠨ᠎ᠠ︔ 13 — 24 ᠳ᠋ᠦ᠋ᠭᠡᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ | ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 80% ᠪᠠᠷ ᠣᠯᠭᠤᠨ᠎ᠠ᠃ | ᠡᠭᠦᠨ ᠠᠴᠠ ᠭᠠᠳᠠᠨ᠎ᠠ᠂ ᠰᠦᠢᠳᠬᠡᠯ ᠲᠤᠰᠢᠶᠠᠭᠠᠳ ᠪᠦᠬᠦᠯᠢ 10 ᠵᠢᠯ ᠪᠣᠯᠣᠭᠰᠠᠨ ᠮᠥᠷᠲᠡᠭᠡᠨ ᠡᠷᠡᠭᠲᠡᠢ ᠪᠦᠬᠦᠯᠢ | 50 ᠨᠠᠰᠤ ᠬᠦᠷᠴᠦ᠂ ᠡᠮᠡᠭᠲᠡᠢ ᠪᠦᠬᠦᠯᠢ 45 ᠨᠠᠰᠤ ᠬᠦᠷᠦᠭᠰᠡᠨ ᠪᠣᠯ᠂ ᠠᠵᠢᠯ ᠠᠯᠳᠠᠭᠰᠠᠨ ᠳᠠᠭᠠᠳᠬᠠᠯ ᠤᠨ | ᠮᠥᠩᠭᠦ ᠶᠢ ᠨᠢ ᠤᠤᠯ ᠤᠨ ᠵᠣᠭᠤᠰᠤᠨ ᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20% ᠪᠠᠷ ᠨᠡᠮᠡᠵᠦ ᠣᠯᠭᠤᠨ᠎ᠠ᠃ | ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠠᠮᠲᠤ ᠳᠤ ᠪᠠᠨ ᠠᠵᠢᠯ ᠠᠯᠳᠠᠭᠰᠠᠨ ᠪᠣᠯ᠂ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠶᠢ ᠨᠢ ᠤᠤᠯ ᠤᠨ ᠵᠣᠭᠤᠰᠤᠨ ᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠬᠥᠮᠥᠨ ᠪᠦᠷᠢ ᠳᠤ | 8% ᠪᠠᠷ ᠨᠡᠮᠡᠵᠦ ᠣᠯᠭᠤᠨ᠎ᠠ᠃ ᠮᠠᠯᠴᠢᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠨ ᠳᠤ ᠨᠢᠭᠡ | ᠯᠡ ᠤᠳᠠᠭ᠎ᠠ ᠳᠡᠭᠡᠷ᠎ᠡ ᠣᠯᠭᠤᠬᠤ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠢ ᠨᠢ ᠨᠢᠭᠡᠳᠦᠯᠲᠡᠢ ᠲᠥᠯᠥᠪᠵᠢᠭᠦᠯᠬᠦ | ᠭᠠᠵᠠᠷ ᠣᠷᠣᠨ ᠤ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ᠲᠠᠪᠤ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠬᠦᠷᠲᠡᠬᠦ ᠬᠤᠭᠤᠴᠠᠭᠠᠨ ᠤ ᠬᠢᠵᠠᠭᠠᠷ ᠢ ᠶᠠᠭᠠᠬᠢᠵᠤ | ᠲᠣᠭᠲᠠᠭᠠᠭᠰᠠᠨ ᠪᠣᠢ︖ | ᠬᠠᠷᠢᠭᠤᠯᠲᠠ᠄ ᠠᠵᠢᠯ ᠠᠯᠳᠠᠭᠰᠠᠳ ᠠᠵᠢᠯ ᠠᠯᠳᠠᠬᠤ ᠠᠴᠠ ᠡᠮᠦᠨ᠎ᠡ᠂ ᠠᠵᠢᠯᠯᠠᠵᠤ ᠪᠠᠶᠢᠭᠰᠠᠨ ᠨᠢᠭᠡᠴᠢ ᠪᠠ | ᠬᠤᠪᠢ ᠬᠥᠮᠥᠨ ᠠᠴᠠ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ ᠪᠠᠨ ᠭᠦᠢᠴᠡᠳᠬᠡᠵᠦ ᠪᠦᠬᠦᠯᠢ 1 | ᠵᠢᠯ ᠪᠣᠯᠣᠭᠰᠠᠨ ᠪᠣᠯ᠂ 2 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ᠃ ᠪᠦᠬᠦᠯᠢ 2 ᠵᠢᠯ | ᠪᠣᠯᠣᠭᠰᠠᠨ ᠪᠣᠯ᠂ 4 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ 3 ᠵᠢᠯ | ᠪᠣᠯᠣᠭᠰᠠᠨ ᠪᠣᠯ᠂ 8 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ 4 ᠵᠢᠯ | ᠪᠣᠯᠣᠭᠰᠠᠨ ᠪᠣᠯ᠂ 12 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠮᠥᠩᠭᠦ ᠠᠪᠤᠨ᠎ᠠ︔ ᠪᠦᠬᠦᠯᠢ 5 ᠵᠢᠯ ᠪᠣᠯᠵᠤ | 10 ᠵᠢᠯ ᠪᠣᠯᠣᠭᠰᠠᠨ ᠦᠭᠡᠢ ᠪᠣᠯ᠂ 5 ᠳ᠋ᠤᠭᠠᠷ ᠵᠢᠯ ᠳᠤ ᠪᠠᠨ 14 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ | ᠮᠥᠩᠭᠦ ᠠᠪᠴᠤ᠂ ᠵᠠᠯᠭᠠᠭᠠᠳ 1 ᠵᠢᠯ ᠨᠡᠮᠡᠭᠳᠡᠬᠦ ᠪᠦᠷᠢ 1 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ | ᠨᠡᠮᠡᠭᠳᠡᠭᠦᠯᠦᠨ᠎ᠡ᠃ ᠪᠦᠬᠦᠯᠢ 10 ᠵᠢᠯ ᠠᠴᠠ ᠳᠡᠭᠡᠭᠰᠢ ᠪᠣᠯᠣᠭᠰᠠᠨ ᠪᠣᠯ᠂ 24 ᠰᠠᠷ᠎ᠠ ᠶᠢᠨ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠠᠪᠤᠨ᠎ᠠ᠃ | ᠵᠢᠷᠭᠤᠭ᠎ᠠ᠂ ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ | ᠬᠤᠭᠤᠴᠠᠭᠠᠨ ᠳᠤ ᠪᠠᠨ ᠪᠠᠰᠠ ᠶᠠᠮᠠᠷ ᠶᠠᠮᠠᠷ ᠬᠠᠷᠠᠭᠠᠯᠵᠠᠯ ᠬᠦᠷᠲᠡᠬᠦ ᠪᠣᠢ︖ | ᠬᠠᠷᠢᠭᠤᠯᠲᠠ᠄ 1. ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ | ᠬᠤᠭᠤᠴᠠᠭᠠᠨ ᠳᠤ ᠪᠠᠨ᠂ ᠠᠵᠢᠯᠲᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠨ᠎ᠡ᠃ ᠠᠵᠢᠯ ᠠᠯᠳᠠᠭᠰᠠᠳ ᠤᠨ ᠲᠤᠰᠢᠶᠠᠪᠠᠰᠤ | ᠵᠣᠬᠢᠬᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠠᠵᠢᠯ ᠠᠯᠳᠠᠭᠰᠠᠨ ᠳᠠᠭᠠᠳᠬᠠᠯ ᠤᠨ ᠰᠠᠭᠤᠷᠢ | ᠮᠥᠩᠭᠦ ᠠᠴᠠ ᠲᠤᠰᠢᠶᠠᠵᠤ᠂ ᠬᠤᠪᠢ ᠬᠥᠮᠥᠨ ᠠᠴᠠ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠦᠭᠡᠢ᠃ | 2. ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ᠂ | ᠳᠤᠯᠠᠭᠠᠯᠠᠯᠭ᠎ᠠ ᠶᠢᠨ ᠨᠥᠬᠦᠪᠦᠷᠢ ᠪᠠ ᠦᠨ᠎ᠡ ᠲᠥᠯᠥᠪᠦᠷᠢ ᠦᠭᠡᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ | ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠶᠢ ᠬᠦᠷᠲᠡᠵᠦ ᠪᠣᠯᠣᠨ᠎ᠠ︔ ᠨᠠᠰᠤ ᠪᠠᠷᠠᠭᠰᠠᠨ ᠪᠣᠯ᠂ ᠲᠡᠭᠦᠨ ᠤ ᠭᠡᠷ | ᠪᠦᠯᠢ ᠶᠢᠨ ᠬᠢᠨ ᠳᠤ ᠨᠢᠭᠡ ᠯᠡ ᠤᠳᠠᠭ᠎ᠠ ᠳᠡᠭᠡᠷ᠎ᠡ ᠣᠷᠣᠰᠢᠭᠤᠯᠭ᠎ᠠ ᠶᠢᠨ ᠨᠥᠬᠦᠪᠦᠷᠢ ᠶᠢᠨ ᠮᠥᠩᠭᠦ ᠪᠠ | ᠠᠰᠠᠷᠠᠮᠵᠢ ᠶᠢᠨ ᠮᠥᠩᠭᠦ ᠣᠯᠭᠤᠨ᠎ᠠ᠃ |