ᠠᠵᠢᠯ ᠠᠯᠳᠠᠭᠰᠠᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠭᠤᠷᠪᠠ︶
ᠨᠡᠶᠢᠲᠡᠯᠡᠭᠰᠡᠨ ᠴᠠᠭ᠄
2019/12/16
     ᠳᠣᠯᠤᠭ᠎ᠠ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠳ ᠤᠨ ᠳᠤᠯᠠᠭᠠᠯᠠᠯᠭ᠎ᠠ ᠶᠢᠨ ᠨᠥᠬᠦᠪᠦᠷᠢ ᠶᠢ ᠬᠡᠷᠬᠢᠨ ᠲᠣᠭᠲᠠᠭᠠᠭᠰᠠᠨ ᠪᠣᠢ︖      ᠬᠠᠷᠢᠭᠤᠯᠲᠠ᠄ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠠᠬᠢ ᠳᠤᠯᠠᠭᠠᠯᠠᠯᠭ᠎ᠠ ᠶᠢᠨ ᠨᠥᠬᠦᠪᠦᠷᠢ ᠶᠢ ᠣᠯᠭᠤᠬᠤ ᠪᠠᠷᠢᠮᠵᠢᠶ᠎ᠠ᠄ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠳᠤᠯᠠᠭᠠᠯᠠᠯᠭ᠎ᠠ ᠶᠢᠨ ᠬᠤᠭᠤᠴᠠᠭ᠎ᠠ ᠨᠢ 6 ᠰᠠᠷ᠎ᠠ ᠪᠣᠯ᠂ ᠤᠤᠯ ᠤᠨ ᠬᠥᠮᠥᠨ ᠪᠦᠷᠢ ᠶᠢᠨ ᠵᠢᠯ ᠤᠨ 42 ᠲᠥᠭᠦᠷᠢᠭ ᠠᠴᠠ 480 ᠲᠥᠭᠦᠷᠢᠭ ᠪᠣᠯᠲᠠᠯ᠎ᠠ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠳᠤᠯᠠᠭᠠᠯᠠᠯᠭ᠎ᠠ ᠶᠢᠨ ᠬᠤᠭᠤᠴᠠᠭ᠎ᠠ ᠨᠢ 7 ᠰᠠᠷ᠎ᠠ ᠪᠣᠯ 560 ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠳᠤᠯᠠᠭᠠᠯᠠᠯᠭ᠎ᠠ ᠶᠢᠨ ᠨᠥᠬᠦᠪᠦᠷᠢ ᠬᠢᠭᠡᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠬᠠᠮᠲᠤ ᠳᠤ ᠨᠢ ᠣᠯᠭᠤᠵᠤ᠂ ᠳᠤᠯᠠᠭᠠᠯᠠᠯᠭ᠎ᠠ ᠶᠢᠨ ᠬᠤᠭᠤᠴᠠᠭᠠᠨ ᠳᠤ ᠬᠥᠮᠥᠨ ᠪᠦᠷᠢ ᠳᠤ ᠰᠠᠷ᠎ᠠ ᠶᠢᠨ 80 ᠲᠥᠭᠦᠷᠢᠭ ᠣᠯᠭᠤᠨ᠎ᠠ᠃      ᠨᠠᠢᠮᠠ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠳ ᠬᠡᠷᠬᠢᠨ ᠠᠵᠢᠯᠲᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠪᠣᠢ︖      ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠭᠠᠷᠳᠠᠮ ᠭᠦᠢᠴᠡᠳᠬᠡᠭᠰᠡᠨ ᠡᠳᠦᠷ ᠠᠴᠠ ᠡᠬᠢᠯᠡᠨ᠂ ᠲᠣᠭᠲᠠᠭᠠᠯ ᠶᠣᠰᠣᠭᠠᠷ ᠠᠵᠢᠯ ᠠᠯᠳᠠᠬᠤ ᠠᠴᠠ ᠡᠮᠦᠨ᠎ᠡ ᠠᠵᠢᠯ ᠠᠯᠳᠠᠭᠰᠠᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠢᠶᠠᠨ ᠠᠵᠢᠯᠲᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠢ᠃ ᠠᠵᠢᠯ ᠠᠯᠳᠠᠭᠰᠠᠨ ᠳᠠᠭᠠᠳᠬᠠᠯ ᠢ ᠳᠠᠭᠠᠭᠠᠨ ᠭᠦᠢᠴᠡᠳᠬᠡᠬᠦ ᠪᠠᠶᠢᠭᠤᠯᠤᠮᠵᠢ ᠠᠴᠠ ᠲᠤᠰᠢᠶᠠᠪᠠᠰᠤ ᠵᠣᠬᠢᠬᠤ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠤᠨ ᠲᠤᠭ᠎ᠠ ᠬᠡᠮᠵᠢᠶ᠎ᠡ ︵ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠨ᠎ᠠ︶᠎ ᠶᠢ ᠴᠠᠭ ᠲᠤᠬᠠᠢ ᠳᠤ ᠨᠢ ᠬᠠᠷᠭᠤᠭᠤᠯᠤᠨ ᠲᠣᠭᠲᠠᠭᠠᠵᠤ᠂ ᠰᠠᠷ᠎ᠠ ᠪᠦᠷᠢ ᠲᠤᠬᠠᠢ ᠶᠢᠨ ᠭᠠᠵᠠᠷ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ ᠬᠤᠪᠢᠶᠠᠷᠢᠯᠠᠨ ᠣᠷᠣᠭᠤᠯᠵᠤ᠂ ᠱᠠᠭᠠᠷᠳᠠᠬᠤ ᠪᠡᠯᠡ ᠮᠥᠩᠭᠦ ᠶᠢ ᠠᠵᠢᠯ ᠠᠯᠳᠠᠭᠰᠠᠨ ᠳᠠᠭᠠᠳᠬᠠᠯ ᠤᠨ ᠰᠠᠭᠤᠷᠢ ᠮᠥᠩᠭᠦ ᠠᠴᠠ ᠵᠢᠭᠰᠠᠭᠠᠨ ᠭᠠᠷᠭᠠᠬᠤ ᠶᠢᠨ ᠬᠠᠮᠲᠤ᠂ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠳᠤ ᠲᠤᠰᠠᠭᠠᠷ ᠨᠢ ᠲᠤᠰᠬᠠᠨ᠎ᠠ᠃ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠰᠠᠭᠤᠷᠢ ᠮᠥᠩᠭᠦ ᠠᠪᠬᠤ ᠬᠤᠭᠤᠴᠠᠭᠠᠨ ᠳᠤ ᠪᠠᠨ ᠣᠷᠣᠯᠴᠠᠬᠤ ᠡᠮᠴᠢᠯᠡᠭᠡ ᠶᠢᠨ ᠳᠠᠭᠠᠳᠬᠠᠯ ᠳᠤ᠂ ᠬᠦᠯᠢᠶᠡᠯᠲᠡ ᠶᠢᠨ ᠬᠤᠭᠤᠴᠠᠭ᠎ᠠ ᠲᠣᠬᠢᠷᠠᠭᠤᠯᠬᠤ ᠦᠭᠡᠢ᠂ ᠲᠤᠬᠠᠶᠢᠯᠠᠪᠠᠯ ᠲᠤᠬᠠᠢ ᠶᠢᠨ ᠬᠤᠭᠤᠴᠠᠭ᠎ᠠ ᠳᠤ ᠰᠦᠢᠳᠬᠡᠯ ᠢᠶᠠᠨ ᠲᠤᠰᠢᠶᠠᠵᠤ ᠲᠤᠬᠠᠢ ᠶᠢᠨ ᠬᠤᠭᠤᠴᠠᠭ᠎ᠠ ᠳᠤ ᠲᠣᠬᠢᠷᠠᠯᠴᠠᠭᠰᠠᠨ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ