ᠠᠵᠢᠯ ᠠᠯᠳᠠᠭᠰᠠᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2019/12/16
     ᠳᠥᠷᠪᠡ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠣᠯᠭᠤᠬᠤ ᠪᠠᠷᠢᠮᠵᠢᠶ᠎ᠠ ᠶᠢ ᠶᠠᠭᠠᠬᠢᠵᠤ ᠲᠣᠭᠲᠠᠭᠠᠭᠰᠠᠨ ᠪᠣᠢ︖      ᠬᠠᠷᠢᠭᠤᠯᠲᠠ᠄ 1 — 12 ᠳ᠋ᠤᠭᠠᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 90% ᠪᠠᠷ ᠣᠯᠭᠤᠨ᠎ᠠ︔ 13 — 24 ᠳ᠋ᠦ᠋ᠭᠡᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ 80% ᠪᠠᠷ ᠣᠯᠭᠤᠨ᠎ᠠ᠃ ᠡᠭᠦᠨ ᠠᠴᠠ ᠭᠠᠳᠠᠨ᠎ᠠ᠂ ᠰᠦᠢᠳᠬᠡᠯ ᠲᠤᠰᠢᠶᠠᠭᠠᠳ ᠪᠦᠬᠦᠯᠢ 10 ᠵᠢᠯ ᠪᠣᠯᠣᠭᠰᠠᠨ ᠮᠥᠷᠲᠡᠭᠡᠨ ᠡᠷᠡᠭᠲᠡᠢ ᠪᠦᠬᠦᠯᠢ 50 ᠨᠠᠰᠤ ᠬᠦᠷᠴᠦ᠂ ᠡᠮᠡᠭᠲᠡᠢ ᠪᠦᠬᠦᠯᠢ 45 ᠨᠠᠰᠤ ᠬᠦᠷᠦᠭᠰᠡᠨ ᠪᠣᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠨᠢ ᠤᠤᠯ ᠤᠨ ᠵᠣᠭᠤᠰᠤᠨ ᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ 20% ᠪᠠᠷ ᠨᠡᠮᠡᠵᠦ ᠣᠯᠭᠤᠨ᠎ᠠ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠠᠮᠲᠤ ᠳᠤ ᠪᠠᠨ ᠠᠵᠢᠯ ᠠᠯᠳᠠᠭᠰᠠᠨ ᠪᠣᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠨᠢ ᠤᠤᠯ ᠤᠨ ᠵᠣᠭᠤᠰᠤᠨ ᠤ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠬᠥᠮᠥᠨ ᠪᠦᠷᠢ ᠳᠤ 8% ᠪᠠᠷ ᠨᠡᠮᠡᠵᠦ ᠣᠯᠭᠤᠨ᠎ᠠ᠃ ᠮᠠᠯᠴᠢᠨ ᠲᠠᠷᠢᠶᠠᠴᠢᠨ ᠭᠠᠷᠤᠯ ᠲᠠᠢ ᠭᠡᠷ᠎ᠡ ᠶᠢᠨ ᠳᠦᠷᠢᠮᠲᠦ ᠠᠵᠢᠯᠴᠢᠨ ᠳᠤ ᠨᠢᠭᠡ ᠯᠡ ᠤᠳᠠᠭ᠎ᠠ ᠳᠡᠭᠡᠷ᠎ᠡ ᠣᠯᠭᠤᠬᠤ ᠠᠮᠢᠳᠤᠷᠠᠯ ᠤᠨ ᠨᠥᠬᠦᠪᠦᠷᠢ ᠶᠢᠨ ᠰᠦᠢᠳᠬᠡᠯ ᠢ ᠨᠢ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃      ᠲᠠᠪᠤ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠬᠦᠷᠲᠡᠬᠦ ᠬᠤᠭᠤᠴᠠᠭᠠᠨ ᠤ ᠬᠢᠵᠠᠭᠠᠷ ᠢ ᠶᠠᠭᠠᠬᠢᠵᠤ ᠲᠣᠭᠲᠠᠭᠠᠭᠰᠠᠨ ᠪᠣᠢ︖      ᠬᠠᠷᠢᠭᠤᠯᠲᠠ᠄ ᠠᠵᠢᠯ ᠠᠯᠳᠠᠭᠰᠠᠳ ᠠᠵᠢᠯ ᠠᠯᠳᠠᠬᠤ ᠠᠴᠠ ᠡᠮᠦᠨ᠎ᠡ᠂ ᠠᠵᠢᠯᠯᠠᠵᠤ ᠪᠠᠶᠢᠭᠰᠠᠨ ᠨᠢᠭᠡᠴᠢ ᠪᠠ ᠬᠤᠪᠢ ᠬᠥᠮᠥᠨ ᠠᠴᠠ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ ᠪᠠᠨ ᠭᠦᠢᠴᠡᠳᠬᠡᠵᠦ ᠪᠦᠬᠦᠯᠢ 1 ᠵᠢᠯ ᠪᠣᠯᠣᠭᠰᠠᠨ ᠪᠣᠯ᠂ 2 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ᠃ ᠪᠦᠬᠦᠯᠢ 2 ᠵᠢᠯ ᠪᠣᠯᠣᠭᠰᠠᠨ ᠪᠣᠯ᠂ 4 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ 3 ᠵᠢᠯ ᠪᠣᠯᠣᠭᠰᠠᠨ ᠪᠣᠯ᠂ 8 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ 4 ᠵᠢᠯ ᠪᠣᠯᠣᠭᠰᠠᠨ ᠪᠣᠯ᠂ 12 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠮᠥᠩᠭᠦ ᠠᠪᠤᠨ᠎ᠠ︔ ᠪᠦᠬᠦᠯᠢ 5 ᠵᠢᠯ ᠪᠣᠯᠵᠤ 10 ᠵᠢᠯ ᠪᠣᠯᠣᠭᠰᠠᠨ ᠦᠭᠡᠢ ᠪᠣᠯ᠂ 5 ᠳ᠋ᠤᠭᠠᠷ ᠵᠢᠯ ᠳᠤ ᠪᠠᠨ 14 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ᠂ ᠵᠠᠯᠭᠠᠭᠠᠳ 1 ᠵᠢᠯ ᠨᠡᠮᠡᠭᠳᠡᠬᠦ ᠪᠦᠷᠢ 1 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠨᠡᠮᠡᠭᠳᠡᠭᠦᠯᠦᠨ᠎ᠡ᠃ ᠪᠦᠬᠦᠯᠢ 10 ᠵᠢᠯ ᠠᠴᠠ ᠳᠡᠭᠡᠭᠰᠢ ᠪᠣᠯᠣᠭᠰᠠᠨ ᠪᠣᠯ᠂ 24 ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ᠃      ᠵᠢᠷᠭᠤᠭ᠎ᠠ᠂ ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠪᠠᠰᠠ ᠶᠠᠮᠠᠷ ᠶᠠᠮᠠᠷ ᠬᠠᠷᠠᠭᠠᠯᠵᠠᠯ ᠬᠦᠷᠲᠡᠬᠦ ᠪᠣᠢ︖      ᠬᠠᠷᠢᠭᠤᠯᠲᠠ᠄ 1. ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ᠂ ᠠᠵᠢᠯᠲᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠨ᠎ᠡ᠃ ᠠᠵᠢᠯ ᠠᠯᠳᠠᠭᠰᠠᠳ ᠤᠨ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠠᠵᠢᠯ ᠠᠯᠳᠠᠭᠰᠠᠨ ᠳᠠᠭᠠᠳᠬᠠᠯ ᠤᠨ ᠰᠠᠭᠤᠷᠢ ᠮᠥᠩᠭᠦ ᠠᠴᠠ ᠲᠤᠰᠢᠶᠠᠵᠤ᠂ ᠬᠤᠪᠢ ᠬᠥᠮᠥᠨ ᠠᠴᠠ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠦᠭᠡᠢ᠃      2. ᠠᠵᠢᠯ ᠠᠯᠳᠠᠭᠰᠠᠳ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ᠂ ᠳᠤᠯᠠᠭᠠᠯᠠᠯᠭ᠎ᠠ ᠶᠢᠨ ᠨᠥᠬᠦᠪᠦᠷᠢ ᠪᠠ ᠦᠨ᠎ᠡ ᠲᠥᠯᠥᠪᠦᠷᠢ ᠦᠭᠡᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠶᠢ ᠬᠦᠷᠲᠡᠵᠦ ᠪᠣᠯᠣᠨ᠎ᠠ︔ ᠨᠠᠰᠤ ᠪᠠᠷᠠᠭᠰᠠᠨ ᠪᠣᠯ᠂ ᠲᠡᠭᠦᠨ ᠤ ᠭᠡᠷ ᠪᠦᠯᠢ ᠶᠢᠨ ᠬᠢᠨ ᠳᠤ ᠨᠢᠭᠡ ᠯᠡ ᠤᠳᠠᠭ᠎ᠠ ᠳᠡᠭᠡᠷ᠎ᠡ ᠣᠷᠣᠰᠢᠭᠤᠯᠭ᠎ᠠ ᠶᠢᠨ ᠨᠥᠬᠦᠪᠦᠷᠢ ᠶᠢᠨ ᠮᠥᠩᠭᠦ ᠪᠠ ᠠᠰᠠᠷᠠᠮᠵᠢ ᠶᠢᠨ ᠮᠥᠩᠭᠦ ᠣᠯᠭᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ