ᠮᠠᠨ ᠤ ᠤᠷᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠲᠡᠭᠡ ᠶᠢ 182 ᠪᠠᠶᠢᠭᠤᠯᠪᠠ
ᠨᠡᠶᠢᠲᠡᠯᠡᠭᠰᠡᠨ ᠴᠠᠭ᠄
2019/12/17
     ᠦᠨᠦᠬᠡᠨ᠂ ᠬᠢᠩᠭᠠᠨ ᠠᠶᠢᠮᠠᠭ ᠤᠨ ᠶᠤᠸᠠᠨ ᠯᠦᠩ ᠫᠢᠩ ᠤᠰᠤᠨ ᠲᠤᠲᠤᠷᠭ᠎ᠠ ᠶᠢᠨ ᠠᠺᠠᠳᠧᠮᠢᠴᠢ ᠶᠢᠨ ᠠᠵᠢᠯ ᠤᠨ ᠦᠷᠲᠡᠭᠡ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ 3 ᠬᠡᠰᠡᠭ ᠭᠠᠵᠠᠷ ᠲᠤ ᠲᠠᠷᠢᠭᠰᠠᠨ ᠬᠤᠵᠢᠷ ᠲᠤ ᠳᠠᠭᠠᠭᠠᠮᠠᠭᠠᠢ ᠤᠰᠤᠨ ᠲᠤᠲᠤᠷᠭ᠎ᠠ ᠨᠢ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠳ ᠤᠨ ᠲᠤᠭᠤᠶᠢᠯᠠᠩ ᠬᠡᠮᠵᠢᠯᠲᠡ ᠪᠠᠷ ᠳᠠᠮᠵᠢᠭᠠᠳ᠂ ᠮᠤ᠋ ᠪᠦᠷᠢ ᠶᠢᠨ ᠳᠤᠮᠳᠠᠴᠢ ᠤᠨᠠᠯᠲᠠ ᠨᠢ 508.8 ᠺᠢᠯᠦᠭᠷᠡᠮ ᠳᠤ ᠬᠦᠷᠪᠡ᠃ ᠡᠨᠡᠬᠦ ᠰᠤᠳᠤᠯᠭᠠᠨ ᠤ ᠦᠷ᠎ᠡ ᠪᠦᠲᠦᠮᠵᠢ ᠨᠢ ᠬᠢᠩᠭᠠᠨ ᠠᠶᠢᠮᠠᠭ ᠤᠨ ᠭᠠᠵᠠᠷ ᠤᠷᠤᠨ ᠤ ᠬᠤᠵᠢᠷᠯᠢᠭ ᠭᠠᠵᠠᠷ ᠤᠨ ᠳᠤᠮᠳᠠ ᠳᠤᠤᠷ᠎ᠠ ᠤᠨᠠᠯᠲᠠ ᠲᠠᠢ ᠲᠠᠷᠢᠶᠠᠨ ᠭᠠᠵᠠᠷ ᠢ ᠳᠤᠮᠳᠠ ᠤᠨᠠᠯᠲᠠ ᠲᠠᠢ ᠲᠠᠷᠢᠶᠠᠨ ᠭᠠᠵᠠᠷ   ᠪᠤᠯᠭᠠᠬᠤ ᠪᠠ ᠴᠢᠨᠠᠭᠰᠢᠯᠠᠪᠠᠯ ᠦᠨᠳᠦᠷ ᠤᠨᠠᠯᠲᠠ ᠲᠠᠢ ᠲᠠᠷᠢᠶ᠎ᠠ ᠪᠤᠯᠭᠠᠬᠤ ᠪᠤᠯᠤᠮᠵᠢ ᠲᠠᠢ ᠪᠠᠶᠢᠨ᠎ᠠ᠃       ᠡᠨᠡ ᠪᠤᠯ ᠮᠠᠨ ᠤ ᠤᠷᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ ᠴᠢᠨᠠᠷᠵᠢᠭᠤᠨ ᠬᠦᠭᠵᠢᠯᠲᠡ ᠶᠢ ᠠᠬᠢᠭᠤᠯᠬᠤ ᠨᠢᠭᠡ ᠵᠢᠱᠢᠶ᠎ᠡ ᠪᠤᠯᠤᠨ᠎ᠠ᠃ ᠤᠶᠢᠷ᠎ᠠ ᠶᠢᠨ ᠵᠢᠯ ᠤᠨ ᠲᠤᠷᠰᠢ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠲᠡᠪᠰᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠦᠲᠦᠭᠡᠨ ᠪᠠᠶᠢᠭᠤᠯᠬᠤ ᠵᠡᠷᠭᠡ ᠬᠠᠷᠠᠯᠲᠠ ᠶᠢᠨ ᠲᠤᠭᠤᠷᠢᠨ ᠳᠤ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠪᠡ᠃ ᠦᠨᠦ ᠪᠤᠯᠬᠤ ᠳᠤ᠂ ᠮᠠᠨ ᠎ ᠤ ᠤᠷᠤᠨ ᠤᠯᠤᠰ ᠤᠨ ᠲᠤᠲᠤᠭᠠᠳᠤ ᠭᠠᠳᠠᠭᠠᠳᠤ ᠶᠢᠨ ᠲᠤᠮᠤ ᠬᠦᠷᠢᠶᠡᠯᠡᠩ ᠲᠤᠮᠤ ᠭᠠᠵᠠᠷ ᠲᠠᠢ ᠬᠠᠮᠲᠤᠷᠠᠯᠴᠠᠨ ᠪᠠᠶᠢᠭᠤᠯᠤᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠲᠡᠭᠡ 182 ᠪᠠᠶᠢᠵᠤ᠂ ᠵᠦᠪᠳᠡᠯᠴᠡᠭᠡᠷ ᠢᠶᠠᠷ ᠤᠷᠢᠨ ᠵᠠᠯᠠᠭᠰᠠᠨ ᠠᠺᠠᠳᠧᠮᠢᠴᠢ 200 ᠰᠢᠬᠠᠮ ᠬᠦᠮᠦᠨ ᠤᠳᠠᠭ᠎ᠠ ᠪᠤᠯᠪᠠ᠂ ᠡᠭᠦᠨ ᠳᠤ ᠬᠤᠶᠠᠷ ᠬᠦᠷᠢᠶᠡᠯᠡᠩ ᠤᠨ ᠠᠺᠠᠳᠧᠮᠢᠴᠢ180 ᠬᠦᠮᠦᠨ ᠤᠳᠠᠭ᠎ᠠ ᠪᠠᠶᠢᠵᠤ ︵ᠲᠦᠪ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ 48 ᠬᠦᠮᠦᠨ ᠤᠳᠠᠭ᠎ᠠ᠂ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ132 ᠬᠦᠮᠦᠨ ᠤᠳᠠᠭ᠎ᠠ ᠪᠤᠢ︶᠂ ᠦᠷᠲᠡᠭᠡᠨ ᠳᠤ ᠤᠷᠤᠵᠤ ᠰᠠᠭᠤᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠪᠦᠯᠬᠦᠮ 2200 ᠰᠢᠬᠠᠮ ᠬᠦᠮᠦᠨ ᠪᠠᠶᠢᠨ᠎ᠠ᠃ ᠦᠷᠲᠡᠭᠡ ᠶᠢ ᠪᠠᠶᠢᠭᠤᠯᠤᠭᠰᠠᠨ ᠨᠢᠭᠡᠴᠢ ᠨᠢ ᠦᠷᠲᠡᠭᠡᠨ ᠳᠤ ᠤᠷᠤᠵᠤ ᠰᠠᠭᠤᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠪᠦᠯᠬᠦᠮ ᠲᠠᠢ ᠬᠠᠮᠲᠤᠷᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠪᠤᠭᠤᠮᠲᠠ ᠰᠢᠪᠲᠤᠯᠬᠤ ᠲᠦᠷᠦᠯ ᠵᠦᠢᠯ ᠢ ᠨᠡᠶᠢᠲᠡ 474 ᠵᠦᠢᠯ ᠦᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号