ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ  ᠵᠣᠯᠭᠠᠯᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019/12/18
     ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠤᠰᠢᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠳᠡᠭᠡᠭᠰᠢᠯᠡᠭᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠬᠦᠯᠦᠨ ᠣᠨᠳᠣᠤᠰᠢᠭᠤᠯᠬᠤ ᠶᠢ ᠲᠦᠷᠭᠡᠳᠬᠡᠬᠦ ᠶᠢᠨ ᠲᠥᠯᠥᠭᠡ᠂ 12 ᠰᠠᠷ᠎ᠠ ᠶᠢᠨ 17᠎ ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠵᠣᠯᠭᠠᠯᠴᠠᠭᠠᠨ ᠤ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠠᠵᠤ ᠦᠢᠯᠡᠰ᠂ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠤᠨ ᠲᠣᠭᠤᠷᠢᠨ ᠳᠤ ᠲᠡᠷᠢᠭᠦᠨ ᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠠ ᠵᠣᠯᠭᠠᠭᠤᠯᠵᠤ ᠵᠥᠪᠳᠡᠯᠴᠡᠨ ᠭᠡᠷ᠎ᠡ ᠳᠤᠬᠢᠷᠠᠯᠴᠠᠬᠤ ᠠᠵᠢᠯᠯᠠᠭ᠎ᠠ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠵᠣᠯᠭᠠᠯᠴᠠᠭᠠᠨ ᠤ ᠬᠤᠷᠠᠯ ᠳᠤ ᠣᠷᠣᠯᠴᠠᠪᠠ᠃ ᠲᠡᠷᠡ ᠵᠣᠯᠭᠠᠯᠴᠠᠭᠠᠨ ᠤ ᠬᠤᠷᠠᠯ ᠳᠤ ᠣᠷᠣᠯᠴᠠᠭᠰᠠᠨ ᠠᠵᠤ ᠠᠬᠤᠢᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠤᠨ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠦᠷ᠎ᠡ ᠪᠦᠲᠦᠭᠡᠯ ᠢ ᠣᠨᠳᠣᠤᠰᠢᠭᠤᠯᠤᠨ ᠬᠡᠷᠡᠭᠯᠡᠭᠡᠨ ᠳᠤ ᠤᠷᠤᠭᠤᠯᠵᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ᠂ ᠰᠢᠨ᠎ᠡ ᠶᠢ ᠡᠭᠦᠳᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠢᠢᠯᠠᠯ ᠢᠶᠠᠷ ᠭᠤᠤᠯ ᠴᠣᠭᠴᠠ ᠪᠤᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠶᠢ ᠬᠠᠮᠳᠤᠷᠠᠭᠤᠯᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠳᠠ ᠪᠤᠯᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠂ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠶ ᠶᠢ ᠪᠣᠶ ᠪᠣᠯᠭᠠᠵᠤ᠂ ᠥᠷᠭᠡᠨ ᠣᠯᠠᠨ ᠰᠢᠨᠵᠢᠯᠡᠬᠦ ᠤᠬᠠᠭᠠᠨ ᠰᠤᠳᠤᠯᠭᠠᠨ ᠤ ᠠᠵᠢᠯᠳᠠᠳ ᠤᠨ ᠰᠢᠨ᠎ᠡ ᠶᠢ ᠡᠭᠦᠳᠬᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠳᠠ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠤᠷᠮᠠᠰᠢᠭᠤᠯᠤᠨ ᠵᠤᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠣᠤ ᠬᠤᠢ ᠵᠣᠯᠭᠠᠯᠴᠠᠭᠠᠨ ᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠵᠣᠯᠭᠠᠯᠴᠠᠭᠠᠨ ᠤ ᠬᠤᠷᠠᠯ ᠳᠡᠬᠡᠷ᠎ᠡ ᠭᠡᠷ᠎ᠠ ᠳᠤᠬᠢᠷᠠᠯᠴᠠᠭᠰᠠᠨ ᠬᠠᠮᠳᠤᠷᠠᠯᠴᠠᠭᠠᠨ ᠤ ᠳᠦᠷᠦᠯ ᠵᠦᠢᠯ ᠳᠤ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠲᠡᠳᠬᠦᠨ ᠳᠠᠮᠵᠢᠵᠤ᠂ ᠲᠥᠷᠥᠯ ᠵᠦᠢᠯ ᠢ ᠤᠷᠤᠭᠰᠢᠲᠠᠶ ᠨᠠᠶᠢᠳᠠᠪᠤᠷᠢᠵᠢᠭᠤᠯᠬᠤ ᠪᠠ ᠪᠦᠲᠦᠮᠵᠢᠲᠡᠶ ᠬᠡᠷᠡᠭᠵᠢᠬᠦᠯᠦᠭᠳᠡᠬᠦ ᠳᠤ ᠪᠠᠲᠤᠯᠠᠭ᠎ᠠ ᠬᠠᠩᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠠᠵᠢᠯ ᠳᠤ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭ᠎ᠠ ᠶᠢᠨ ᠵᠣᠯᠭᠠᠯᠴᠠᠭᠠᠨ ᠤ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠷᠬᠢᠯᠡᠭᠰᠡᠨ ᠠᠩᠬᠠᠳᠠᠭᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠠᠵᠢᠯᠯᠠᠭ᠎ᠠ ᠪᠣᠯᠤᠨ᠎ᠠ᠂ 68 ᠲᠥᠷᠥᠯ ᠵᠦᠢᠯ ᠦᠵᠡᠬᠦᠯᠬᠡ ᠳᠤ ᠣᠷᠣᠯᠴᠠᠵᠤ᠂ 220 ᠲᠥᠷᠥᠯ ᠵᠦᠢᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠨᠳᠤᠤᠰᠢᠭᠤᠯᠬᠤ ᠪᠠᠷ ᠲᠥᠯᠥᠪᠯᠡᠵᠦ᠂ 58 ᠲᠥᠷᠥᠯ ᠵᠦᠢᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠳᠡᠮᠵᠢᠯᠭᠡ ᠶᠢ ᠡᠷᠢᠯᠬᠢᠯᠡᠪᠠ᠂ ᠠᠭᠤᠯᠭ᠎ᠠ ᠨᠢ ᠬᠤᠪᠣᠷ ᠰᠢᠷᠣᠶ᠂ ᠶᠡᠭᠡ ᠬᠡᠪᠴᠢᠶ᠎ᠠ ᠪᠠᠷ ᠡᠨᠧᠷᠭᠢ ᠬᠠᠳᠠᠭᠠᠯᠠᠬᠤ᠂ ᠪᠠᠯ ᠴᠢᠯᠠᠭᠤᠨ ᠠᠯᠺᠧᠨ᠂ ᠤᠰᠤᠲᠥ᠋ᠷᠥᠭᠴᠢ ᠡᠨᠧᠷᠭᠢ᠂ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠵᠥ ᠪᠢᠳᠡᠬᠦᠮᠵᠢᠯᠡᠨ ᠬᠠᠳᠠᠭᠠᠯᠠᠬᠤ᠂ ᠮᠣᠩᠭᠤᠯ ᠬᠢᠲᠠᠳ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠳᠤ ᠬᠤᠯᠪᠣᠭᠳᠠᠵᠠᠶ᠃ ᠬᠤᠷᠠᠯ ᠳᠡᠭᠡᠷ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ 12 ᠲᠥᠷᠥᠯ ᠵᠦᠢᠯ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ᠂ 11 ᠪᠠᠶᠢᠭᠤᠯᠭ᠎ᠠ ᠨᠢᠭᠡᠴᠢ ᠦᠷ᠎ᠡ ᠪᠦᠲᠦᠭᠡᠯ ᠤᠨ ᠲᠠᠨᠢᠯᠴᠠᠭᠤᠯᠭ᠎ᠠ ᠬᠢᠵᠦ᠂ ᠵᠤᠯᠭᠠᠯᠴᠠᠭᠠᠨ ᠤ ᠬᠤᠷᠠᠯ ᠳᠤ ᠣᠷᠣᠯᠴᠠᠭᠰᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠬᠢᠭᠡᠳ ᠠᠵᠤ ᠠᠬᠤᠢᠢᠯᠠᠯ ᠨᠢ ᠬᠦᠷᠢᠶ᠎ᠡ ᠴᠠᠷᠠᠭ᠎ᠠ ᠬᠤᠪᠢᠶᠠᠨ ︽ᠨᠢᠭᠡᠳ ᠨᠢᠭᠡ ᠪᠠᠷ︾ ᠵᠤᠯᠭᠠᠯᠴᠠᠨ ᠵᠦᠪᠳᠡᠯᠴᠡᠭᠡᠷ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号