ᠡᠨᠡ ᠵᠢᠯ ᠠᠴᠠ ᠨᠠᠭᠠᠰᠢ᠂ ᠥᠪᠥᠷ ᠮᠣᠩᠭᠤᠯ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠶ | ᠭᠠᠵᠠᠷ ᠯᠤᠭ᠎ᠠ ᠶᠢᠨ ᠬᠠᠷᠢᠯᠴᠠᠭ᠎ᠠ ᠰᠣᠯᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠥᠪᠥᠷ ᠮᠣᠩᠭᠤᠯ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ ᠴᠠᠷᠠᠭᠠᠨ ᠳᠠᠬᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠮᠥᠩᠭᠦᠨ ᠭᠦᠢᠯᠭᠡᠭᠡᠨ ᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠲᠥᠷᠥᠯ ᠵᠦᠢᠯ ᠨᠢ ᠯᠠᠪᠳᠠᠭᠤᠨ ᠢᠶᠠᠷ ᠠᠬᠢᠵᠤ᠂ | ᠥᠨᠥ ᠪᠣᠯᠬᠤ ᠳᠤ ᠲᠥᠷᠥᠯ ᠵᠦᠢᠯ ᠤᠨ ᠵᠣᠭᠤᠰ ᠤᠨ ᠲᠤᠭ᠎ᠠ 222 ᠳ᠋ᠦᠩᠰᠢᠭᠤᠷ ᠲᠥᠭᠦᠷᠢᠭ ᠲᠤ ᠬᠦᠷᠴᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠳᠡᠳ᠋ ᠡᠷᠬᠢᠯᠡᠭᠴᠢ ᠰᠦᠨ ᠯᠢ ᠵᠢᠶᠠᠨ ᠲᠠᠨᠢᠯᠴᠠᠭᠤᠯᠬᠤ ᠳᠤ ᠪᠠᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠷᠢᠳ ᠬᠤᠵᠢᠳ ᠳᠤᠮᠳᠠᠳᠤ ᠤᠯᠤᠰ ᠤᠨ ᠪᠠᠩᠬᠢ᠂ ᠭᠤᠸᠠᠩ | ᠳ᠋ᠠ ᠪᠦᠯᠦᠭᠯᠡᠯ᠂ ᠳᠤᠮᠳᠠᠳᠤ ᠤᠯᠤᠰ ᠤᠨ ᠫᠢᠩ ᠠᠨ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠨ᠂ ᠬᠠᠮᠲᠤᠷᠠᠯᠴᠠᠭᠠᠨ ᠤ ᠠᠷᠭ᠎ᠠ ᠵᠠᠮ ᠢ | ᠰᠢᠯᠤᠭᠤᠳᠬᠠᠵᠤ᠂ ᠨᠠᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠥᠪᠥᠷ ᠮᠣᠩᠭᠤᠯ ᠤᠨ | ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠣᠷᠣᠭᠤᠯᠤᠨ ᠠᠪᠴᠢᠷᠠᠵᠤ᠂ ᠥᠪᠥᠷ ᠮᠣᠩᠭᠤᠯ ᠤᠨ | ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ ᠭᠡᠵᠡᠶ᠃ | ᠰᠦᠨ ᠯᠢ ᠵᠢᠶᠠᠨ ᠢᠯᠡᠳᠬᠡᠭᠰᠡᠨ ᠨᠢ᠂ ᠣᠳᠣᠬᠠᠨ ᠳᠤ ᠡᠯ᠎ᠡ ᠵᠦᠢᠯ ᠤᠨ ᠮᠥᠩᠭᠦᠨ ᠭᠦᠢᠯᠭᠡᠭᠡᠨ ᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠶᠠᠭ ᠡᠮᠬᠢ ᠵᠢᠷᠤᠮ ᠲᠠᠢ ᠨᠠᠶᠢᠳᠠᠪᠤᠷᠢᠵᠢᠵᠤ ᠪᠠᠶᠢᠨ᠎ᠠ᠂ | ᠢᠯᠠᠩᠭᠤᠶ᠎ᠠ ᠥᠪᠥᠷ ᠮᠣᠩᠭᠤᠯ ᠤᠨ ᠨᠡᠭᠦᠷᠡᠰᠦ᠂ ᠴᠠᠬᠢᠯᠭᠠᠨ ᠬᠦᠴᠦᠨ ᠵᠡᠷᠭᠡ ᠣᠨᠴᠠᠯᠢᠭᠲᠤ ᠳᠠᠪᠠᠭᠤᠯᠢᠭ ᠠᠵᠤ | ᠦᠢᠯᠡᠰ ᠵᠢᠴᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠮᠢ ᠠᠬᠤᠢ ᠶᠢᠨ ᠣᠷᠴᠢᠨ ᠲᠣᠭᠤᠷᠢᠨ | ᠵᠡᠷᠭᠡ ᠳᠣᠪᠣᠶᠢᠮ᠎ᠠ ᠳᠤᠲᠠᠭᠤᠳᠠᠯ ᠪᠣᠯᠤᠨ ᠪᠠᠭᠤᠷᠠᠶ ᠭᠤᠭᠴᠤᠭ᠎ᠠ ᠳᠠᠬᠢ ᠮᠥᠩᠭᠦᠨ ᠭᠦᠢᠯᠭᠡᠭᠡᠨ ᠤ ᠳᠡᠮᠵᠢᠯᠭᠡ | ᠪᠦᠲᠦᠮᠵᠢᠲᠡᠶ ᠥᠷᠭᠡᠵᠢᠵᠦ ᠪᠠᠶᠢᠨ᠎ᠠ᠃ ︽ᠥᠨᠥ ᠪᠣᠯᠬᠤ ᠳᠤ᠂ ᠭᠡᠷ᠎ᠡ ᠲᠣᠭᠲᠠᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠲᠥᠷᠥᠯ ᠵᠦᠢᠯ ᠤᠨ ᠵᠢᠭᠡᠯᠡᠯᠭᠡ᠂ ᠪᠠᠩᠬᠢ ᠶᠢᠨ ᠪᠦᠯᠦᠭᠯᠡᠯ ᠤᠨ ᠵᠢᠭᠡᠯᠡᠯᠭᠡ᠂ ᠵᠢᠭᠡᠯᠡᠯᠭᠡ ᠶᠢᠨ | ᠲᠡᠮᠳᠡᠭ ᠤᠨ ᠳᠠᠭᠠᠭᠠᠨ ᠪᠣᠷᠣᠯᠠᠭᠤᠯᠭ᠎ᠠ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠠᠵᠤ ᠦᠢᠯᠡᠰ ᠤᠨ ᠰᠠᠭᠤᠷᠢ | ᠮᠥᠩᠭᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ᠂ | ᠦᠢᠯᠡᠳᠬᠦ ᠦᠢᠯᠡᠰ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠳᠠᠯᠢ ᠪᠤᠰᠤ ᠠᠵᠤ | ᠦᠢᠯᠡᠰ ᠤᠨ 28 ᠲᠥᠷᠥᠯ ᠵᠦᠢᠯ ᠳᠤ ᠨᠠᠶᠢᠳᠠᠪᠤᠷᠢᠵᠢᠵᠦ᠂ ᠵᠣᠭᠤᠰ ᠤᠨ ᠲᠤᠭ᠎ᠠ ᠨᠢ 222 ᠳ᠋ᠦᠩᠰᠢᠭᠤᠷ | ᠲᠥᠭᠦᠷᠢᠭ ᠲᠤ ᠬᠦᠷᠴᠡᠶ᠃ ᠶᠠᠭ ᠢᠳᠡᠪᠬᠢᠲᠡᠢ ᠠᠬᠢᠭᠤᠯᠵᠤ ᠪᠠᠶᠢᠭ᠎ᠠ 41ᠲᠥᠷᠥᠯ ᠵᠦᠢᠯ ᠤᠨ ᠵᠣᠭᠤᠰ ᠤᠨ | ᠲᠤᠭ᠎ᠠ ᠨᠢ 420 ᠰᠢᠬᠠᠮ ᠳ᠋ᠦᠩᠰᠢᠭᠤᠷ ᠲᠥᠭᠦᠷᠢᠭ ᠲᠤ ᠬᠦᠷᠴᠡᠢ︾ ᠭᠡᠵᠡᠢ᠃ | ᠣᠶᠢᠯᠠᠭᠠᠭᠰᠠᠨ ᠢᠶᠠᠷ᠂ 2019 ᠣᠨ ᠤ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ 701.8 ᠳ᠋ᠦᠩᠰᠢᠭᠤᠷ ᠲᠥᠭᠦᠷᠢᠭ ᠲᠤ ᠬᠦᠷᠴᠦ᠂ GDP ᠳᠤ | ᠡᠵᠡᠯᠡᠬᠦ ᠬᠤᠪᠢ ᠶᠢᠨ ᠵᠢᠩ ᠨᠢ 8.4% ᠪᠣᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠥᠪᠥᠷ ᠮᠣᠩᠭᠤᠯ ᠤᠨ | ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠨᠢ ᠡᠳᠦᠷ | ᠢᠷᠡᠬᠦᠶ᠎ᠡ ᠢᠯᠡᠷᠬᠡᠶ ᠪᠣᠯᠵᠤ ᠪᠠᠶᠢᠨ᠎ᠠ᠃ | |