12 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠢᠮᠠᠭᠲᠠ ᠠᠵᠢᠯ ᠣᠯᠭᠤᠬᠤ ᠠᠵᠢᠯ ᠤᠨ ᠢᠶᠠᠨ ᠲᠡᠷᠢᠭᠦᠨ | ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠦᠶᠯᠡᠴᠢᠯᠡᠭᠡᠨ ᠤ ᠪᠠᠲᠤᠯᠠᠭ᠎ᠠ | ᠶᠢ ᠴᠢᠩᠭᠠᠷᠠᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ ᠥᠭᠪᠡ᠃ | 11 ᠳ᠋ᠦ᠋ᠭᠡᠷ ᠰᠠᠷ᠎ᠠ ᠶᠢᠨ ᠡᠴᠦᠰ ᠪᠤᠯᠬᠤ ᠳᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 14. | 57 ᠲᠦᠮᠡᠨ ᠬᠥᠮᠦᠨ ᠠᠵᠢᠯ ᠤᠯᠤᠭᠰᠠᠨ ᠪᠤᠶᠤ ᠠᠵᠢᠯ ᠣᠯᠬᠤ ᠬᠠᠨᠳᠤᠰᠢ ᠪᠠᠨ ᠨᠠᠶᠢᠳᠠᠪᠤᠷᠢᠵᠢᠭᠤᠯᠵᠠᠢ᠂ 13 | ᠲᠦᠮᠡᠨ ᠬᠥᠮᠦᠨ ᠳᠤ ᠠᠵᠢᠯ ᠣᠯᠭᠤᠬᠤ ᠤᠨ ᠤ ᠲᠦᠯᠦᠪᠯᠡᠭᠡ ᠪᠠᠨ112.1% ᠪᠠᠷ ᠪᠡᠶᠡᠯᠡᠭᠦᠯᠵᠦ᠂ ᠡᠭᠦᠷᠭᠡ ᠪᠠᠨ | ᠤᠷᠢᠳᠴᠢᠯᠠᠨ ᠪᠡᠶᠡᠯᠡᠭᠦᠯᠪᠡ᠃ | ᠡᠨᠡ ᠵᠢᠯ ᠠᠴᠠ ᠨᠠᠭᠠᠰᠢ᠂ ᠪᠥᠬᠦ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠪᠦᠷᠢᠨᠰᠢᠭᠦᠯᠵᠦ᠂ ︽2019 | ᠣᠨ ᠤ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ | ᠴᠣᠭᠴᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠂ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ | ᠲᠤᠬᠠᠶ ᠮᠡᠳᠡᠭᠳᠡᠯ︾᠂ ︽ᠲᠡᠭᠦᠰᠦᠭᠰᠡᠳ ᠤᠨ ᠠᠵᠢᠯ ᠡᠷᠢᠵᠦ ᠠᠳᠠᠯ ᠦᠶᠯᠡᠰ ᠴᠣᠭᠴᠠᠯᠠᠬᠤ ᠳᠤ ᠨᠢ ᠨᠥᠬᠦᠪᠥᠷᠢ | ᠣᠯᠭᠤᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠲᠥᠷᠥ ᠶᠢᠨ ᠪᠣᠳᠣᠯᠭ᠎ᠠ | ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠠᠵᠢᠯ | ᠤᠯᠬᠤ ᠳᠠᠳᠤᠯᠭ᠎ᠠ ᠬᠢᠬᠦ ᠪᠠ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠳᠤ ᠤᠷᠤᠯᠴᠠᠬᠤ ᠵᠡᠷᠭᠡ ᠠᠭᠤᠯᠭ᠎ᠠ | ᠳᠤ ᠲᠣᠳᠣᠷᠬᠠᠶ ᠲᠣᠭᠲᠠᠭᠠᠯ ᠭᠠᠷᠭᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ | ᠬᠦᠴᠦᠲᠡᠶ ᠠᠬᠢᠭᠤᠯᠪᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠦᠶᠯᠡᠴᠢᠯᠡᠭᠡᠨ ᠤ ᠲᠥᠷᠥᠯ ᠵᠦᠶᠯ ᠢ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠪᠥᠬᠦ ᠣᠷᠣᠨ ᠳᠤ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠪᠠ | ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠬᠦᠮᠦᠰ | ᠢ ᠨᠡᠶᠢᠲᠡ 7500 ᠬᠦᠮᠦᠨ ᠡᠯᠰᠡᠵᠡᠢ᠃ ᠤᠶᠤᠲᠠᠳ ᠤᠨ ᠠᠳᠠᠯ ᠦᠶᠯᠡᠰ ᠴᠣᠭᠴᠠᠯᠠᠬᠤ ᠶᠢ ᠬᠥᠲᠥᠯᠥᠨ | ᠳᠠᠭᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ | ᠯᠧᠺᠲ᠋ᠤᠷ ᠤᠨ ᠠᠩᠭᠢ᠂ ᠪᠠᠭᠰᠢ ᠶᠢᠨ ᠠᠩᠭᠢ ᠪᠠ ᠳᠡᠭᠡᠭᠰᠢᠯᠡᠭᠦᠯᠬᠦ ᠠᠩᠭᠢ ᠶᠢ ᠡᠷᠬᠢᠯᠡᠨ᠂ ᠠᠳᠠᠯ ᠦᠶᠯᠡᠰ | ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠬᠠᠮᠲᠤ ᠭᠠᠶᠢᠯᠢ ᠰᠦᠶᠳᠬᠡᠯ ᠢ ᠬᠠᠰᠤᠵᠤ ᠬᠡᠯᠲᠦᠷᠢᠭᠦᠯᠬᠦ᠂ | ᠠᠳᠠᠯ ᠦᠶᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠠᠳᠠᠯ ᠦᠶᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 11 ᠳ᠋ᠦ᠋ᠭᠡᠷ ᠰᠠᠷ᠎ᠠ ᠶᠢᠨ ᠡᠴᠦᠰ ᠪᠤᠯᠬᠤ ᠳᠤ᠂ | 8642 ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠦᠶᠯᠡᠰ ᠴᠣᠭᠴᠠᠯᠠᠬᠤ ᠪᠤᠯᠪᠠᠰᠤᠷᠠᠭᠤᠯᠤᠯ ᠳᠤ | ᠣᠷᠣᠯᠴᠠᠵᠤ᠂ ᠠᠳᠠᠯ ᠦᠶᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ 16192 ᠲᠦᠮᠡᠨ ᠲᠥᠭᠦᠷᠢᠭ ᠲᠠᠯᠪᠢᠨ᠂ | ᠠᠳᠠᠯ ᠦᠶᠯᠡᠰ ᠴᠣᠭᠴᠠᠯᠠᠬᠤ 20.1 ᠲᠦᠮᠡᠨ ᠲᠥᠭᠦᠷᠢᠭ ᠨᠥᠬᠦᠪᠥᠷᠢ ᠮᠦᠩᠭᠦ ᠲᠠᠷᠬᠠᠭᠠᠵᠤ᠂ 4808 ᠬᠥᠮᠦᠨ ᠢ | ᠲᠡᠳᠬᠦᠨ ᠠᠳᠠᠯ ᠦᠢᠯᠡᠰ ᠴᠤᠭᠴᠠᠯᠠᠭᠤᠯᠵᠤ᠂ 8425 ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠠ᠃ | ᠡᠭᠦᠨ ᠠᠴᠠ ᠭᠠᠳᠠᠨ᠎ᠠ᠂ ᠡᠨᠡ ᠵᠢᠯ ᠤᠨ 4 ᠳ᠋ᠦ᠋ᠭᠡᠷ ᠰᠠᠷ᠎ᠠ ᠠᠴᠠ ᠡᠬᠢᠯᠡᠨ᠂ ᠪᠥᠬᠦ ᠣᠷᠣᠨ ᠤ ᠬᠡᠪᠴᠢᠶᠡᠨ ᠳᠤ | ᠠᠵᠢᠯ ᠣᠯᠭᠤᠯᠲᠠ ᠶᠢᠨ ᠦᠶᠯᠡᠴᠢᠯᠡᠭᠡ ᠶᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ | ᠬᠤᠸᠠᠷᠠᠨ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠤ ᠤᠷᠤᠭᠤᠯᠬᠤ᠂ ᠲᠥᠷᠥ ᠶᠢᠨ ᠪᠣᠳᠣᠯᠭ᠎ᠠ᠂ ᠠᠵᠢᠯ ᠤᠨ | ᠪᠠᠶᠢᠷᠢ᠂ ᠪᠤᠯᠪᠠᠰᠤᠷᠠᠭᠤᠯᠤᠯ᠂ ᠦᠶᠯᠡᠴᠢᠯᠡᠭᠡ ᠬᠦᠷᠲᠡᠭᠡᠬᠦ ᠵᠡᠷᠭᠡ ︽ᠲᠠᠪᠤ ᠶᠢ ᠣᠷᠣᠭᠤᠯᠬᠤ︾᠂ ︽ᠳᠥᠷᠪᠡ ᠶᠢ | ᠬᠦᠷᠲᠡᠭᠡᠬᠦ︾ ᠠᠵᠢᠯᠯᠠᠭ᠎ᠠ ᠶᠢ ᠥᠷᠨᠢᠭᠦᠯᠪᠡ᠂ ᠤᠷᠢᠬᠠᠨ ᠰᠠᠯᠬᠢ ᠠᠵᠢᠯᠯᠠᠭ᠎ᠠ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠵᠢᠯᠲᠠᠨ ᠡᠯᠰᠡᠬᠦ ᠭᠠᠷᠠᠭ᠂ ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ᠂ ᠪᠡᠭᠡᠵᠢᠩ ᠥᠪᠥᠷ | ᠮᠣᠩᠭᠤᠯ ᠪᠣᠯᠤᠨ ᠡᠷᠭᠢᠨ ᠲᠣᠭᠤᠷᠢᠨ ᠭᠠᠵᠠᠷ ᠤᠷᠤᠨ ᠤ ᠬᠥᠳᠡᠯᠮᠦᠷᠢ ᠦᠶᠯᠡᠴᠢᠯᠡᠭᠡ ᠶᠢ ᠵᠣᠯᠭᠠᠭᠤᠯᠬᠤ᠂ | ᠴᠢᠳᠠᠪᠤᠷᠢᠲᠠᠨ ᠤ ᠰᠣᠯᠢᠯᠴᠠᠭᠠᠨ ᠤ ᠬᠤᠷᠠᠯ ᠵᠡᠷᠭᠡ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠣᠯᠠᠨ ᠵᠦᠶᠯ ᠤᠨ | ᠬᠡᠯᠪᠡᠷᠢ ᠶᠢᠨ ᠦᠶᠯᠡᠴᠢᠯᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠬᠠᠩᠭᠠᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠪᠦᠬᠦ ᠬᠦᠴᠦᠨ ᠢᠶᠠᠷ ᠠᠬᠢᠭᠤᠯᠪᠠ᠃ |