ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠯᠤᠳᠤᠭᠠᠷ ᠤᠳᠠᠭ᠎ᠠ ᠶᠢᠨ ᠳᠦᠯᠦᠬᠡᠯᠡᠭᠴᠢᠳ ᠤᠨ ᠶᠡᠭᠡ ᠬᠤᠷᠠᠯ ᠬᠤᠷᠠᠯᠳᠤᠵᠠᠢ ᠱᠢ ᠲᠠᠢ ᠹᠧᠩ ᠪᠦ᠋ ᠰᠢᠶᠤᠤ ᠯᠢᠨ ᠬᠤᠷᠠᠯ ᠳᠤ ᠤᠷᠤᠯᠴᠠᠬᠰᠠᠨ ᠪᠦᠬᠦ ᠳᠦᠯᠦᠬᠡᠯᠡᠭᠴᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2019/12/2
     11 ᠰᠠᠷ᠎ᠠ ᠶᠢᠨ 30᠎ ᠤ ᠡᠳᠤᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃      ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠤᠷᠠᠯ ᠳᠤ ᠤᠷᠤᠯᠴᠠᠬᠰᠠᠨ ᠪᠥᠬᠦ ᠲᠥᠯᠥᠭᠡᠯᠡᠭᠴᠢ ᠲᠠᠢ ᠠᠭᠤᠯᠵᠠᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠶ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠣ ᠴᠦᠨ᠂ ᠾᠧ ᠶᠠᠨ ᠯᠢᠩ᠂ ᠡᠸᠦ ᠶᠠᠩ ᠰᠢᠶᠣᠤ ᠬᠤᠢ᠂ ᠴᠡᠴᠡᠭ ᠠᠭᠤᠯᠵᠠᠯᠲᠠ ᠪᠠ ᠠᠵᠢᠯᠯᠠᠭ᠎ᠠ ᠳᠤ ᠣᠷᠣᠯᠴᠠᠪᠠ᠃      ᠬᠤᠷᠠᠯ ᠠᠴᠠ᠂ ᠪᠠᠭᠠᠴᠤᠳ ᠬᠡᠥᠬᠡᠳ ᠪᠣᠯ ᠡᠬᠡ ᠤᠯᠤᠰ ᠤᠨ ᠢᠷᠡᠭᠡᠳᠦᠶ᠂ ᠳᠤᠮᠳᠠᠳᠤ ᠶᠢᠨ ᠦᠨᠳᠦᠰᠦᠲᠡᠨ ᠎ ᠤ ᠬᠦᠰᠡᠯ ᠡᠷᠡᠮᠡᠯᠵᠡᠯ ᠮᠥᠨ᠃ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠠᠴᠤᠳ ᠬᠡᠥᠬᠡᠳ ᠎ ᠤᠨ ᠡᠷᠡᠭᠦᠯ ᠢᠶᠠᠷ ᠦᠰᠦᠨ ᠪᠤᠶᠢᠵᠢᠬᠤ ᠶᠢ ᠳᠣᠲᠣᠨᠣ ᠪᠠᠷ ᠬᠠᠯᠠᠮᠵᠢᠯᠠᠵᠤ ᠪᠠᠶᠢᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠲᠤᠰᠬᠠᠢᠢᠯᠠᠨ ᠪᠠᠶᠠᠷ ᠤᠨ ᠵᠠᠬᠢᠳᠠᠯ ᠢᠯᠡᠭᠡᠵᠦ᠂ ᠬᠦᠨ ᠰᠡᠳᠬᠢᠯᠬᠡ ᠶᠢᠨ ᠬᠠᠶᠢᠷ᠎ᠠ ᠬᠠᠯᠠᠮᠵᠢ ᠪᠠᠨ ᠦᠭᠪᠡ᠂ ᠡᠨᠡ ᠨᠢ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠢᠮᠠᠭᠲᠠ ᠪᠠᠭᠠᠴᠤᠳ ᠬᠡᠥᠬᠡᠳ ᠢ ᠠᠩᠬᠠᠷᠴᠤ ᠬᠠᠯᠠᠮᠵᠢᠯᠠᠨ ᠬᠠᠶᠢᠷᠠᠯᠠᠵᠥ᠂ ᠪᠦᠬᠦ ᠣᠷᠣᠨ ᠤ ᠪᠠᠭᠠᠴᠤᠳ ᠬᠡᠥᠬᠡᠳ ᠪᠤᠯᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠲᠠᠪᠴᠠᠩ ᠪᠠᠶᠢᠭᠤᠯᠵᠤ ᠥᠭᠬᠦ ᠪᠠᠷ ᠴᠢᠷᠮᠠᠶᠢᠭᠰᠠᠭᠠᠷ ᠢᠷᠡᠪᠡ᠃ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠢᠷᠭᠤᠳᠤᠭᠠᠷ ᠤᠳᠠᠭ᠎ᠠ ᠶᠢᠨ ᠳᠦᠯᠦᠬᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠤ ᠡᠯ᠎ᠡ ᠱᠠᠲᠤᠨ ᠤ ᠪᠠᠭᠠᠴᠤᠳ ᠎ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠶᠤᠰᠤ ᠰᠤᠷᠳᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠥᠪᠥᠷ ᠮᠣᠩᠭᠤᠯ ᠤᠨ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠡᠶ᠃ ᠪᠠᠭᠠᠴᠤᠳ ᠤᠨ ᠬᠤᠰᠢᠭᠤᠴᠢ ᠠᠩᠭᠢ ᠶᠢᠨ ᠪᠢᠴᠢᠬᠠᠨ ᠨᠠᠶᠢᠵᠠ ᠨᠠᠷ ᠬᠦᠰᠡᠯ ᠡᠷᠡᠮᠡᠯᠵᠡᠯ ᠢᠶᠠᠷ ᠪᠢᠯᠬᠠᠭᠰᠠᠨ ᠰᠢᠨ᠎ᠡ ᠴᠠᠭ ᠦᠶ᠎ᠡ ᠳᠤ ᠦᠰᠦᠨ ᠪᠤᠶᠢᠵᠢᠵᠤ᠂ ᠠᠵᠠ ᠵᠠᠪᠰᠢᠶᠠᠨ ᠲᠠᠢ ᠨᠢᠭᠡ ᠦᠶ᠎ᠡ ᠶᠢᠨ ᠬᠢᠨ ᠪᠣᠯᠬᠤ ᠪᠥᠭᠡᠳ ᠪᠠᠰᠠ ᠴᠤ ᠬᠦᠨᠳᠦ ᠡᠭᠦᠷᠭᠡ ᠡᠭᠦᠷᠭᠡᠯᠡᠵᠦ ᠪᠠᠶᠢᠭ᠎ᠠ ᠨᠢᠭᠡ ᠦᠶ᠎ᠡ ᠶᠢᠨ ᠬᠢᠨ ᠪᠣᠯᠤᠨ᠎ᠠ᠃ ᠪᠦᠬᠦ ᠣᠷᠣᠨ ᠤ ᠥᠷᠭᠡᠨ ᠣᠯᠠᠨ ᠪᠠᠭᠠᠴᠤᠳ ᠬᠡᠥᠬᠡᠳ ᠨᠠᠮ ᠢᠶᠠᠨ ᠬᠠᠶᠢᠷᠠᠯᠠᠵᠤ᠂ ᠡᠬᠡ ᠤᠯᠤᠰ ᠢᠶᠠᠨ ᠬᠠᠶᠢᠷᠠᠯᠠᠵᠥ᠂ ᠠᠷᠠᠳ ᠲᠦᠮᠡᠨ ᠢᠶᠠᠨ ᠬᠠᠶᠢᠷᠠᠯᠠᠵᠤ᠂ ᠬᠤᠪᠢ ᠬᠥᠮᠦᠨ ᠤ ᠬᠦᠰᠡᠯᠡᠩ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠲᠠᠢ ᠤᠶᠠᠯᠳᠤᠭᠤᠯᠵᠤ᠂ ᠠᠯᠤᠰ ᠬᠡᠲᠦ ᠶᠢᠨ ᠬᠦᠰᠡᠯᠡᠩ ᠲᠠᠢ ᠴᠠᠭ ᠦᠶ᠎ᠡ ᠶᠢᠨ ᠰᠢᠨ᠎ᠡ ᠴᠢᠳᠠᠪᠤᠷᠢᠳᠠᠨ ᠪᠣᠯᠬᠤ ᠶᠢ ᠬᠦᠰᠡᠵᠦ ᠪᠠᠶᠢᠨ᠎ᠠ︔ ᠶᠤᠰᠤ ᠮᠣᠷᠠᠯ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠳᠤᠮᠳᠠᠳᠤ ᠶᠢᠨ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠂ ᠪᠣᠯᠪᠠᠰᠤᠨ ᠰᠠᠶᠢᠬᠠᠨ ᠶᠣᠰᠣ ᠮᠣᠷᠠᠯ ᠤᠨ ᠵᠠᠯᠭᠠᠮᠵᠢᠯᠠᠭᠴᠢ᠂ ᠳᠠᠮᠵᠢᠭᠤᠯᠤᠬᠴᠢ ᠪᠠ ᠮᠠᠭᠲᠠᠨ ᠳᠠᠭᠤᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠶ︔ ᠰᠢᠷᠭᠠᠭᠤ ᠰᠤᠷᠤᠯᠴᠠᠨ ᠴᠢᠳᠠᠮᠠᠭᠠᠢ ᠰᠡᠳᠬᠢᠵᠦ ᠯᠠᠪᠳᠠᠭᠤᠨ ᠪᠠᠲᠤᠲᠠᠶ ᠠᠵᠢᠯᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠪᠡᠯᠡᠳᠬᠡᠯ ᠠᠩᠭᠢ ᠪᠠ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠶ︔ ᠵᠣᠷᠢᠭ ᠰᠢᠭᠤᠳᠤᠨ ᠰᠢᠨ᠎ᠡ ᠶᠢ ᠡᠭᠦᠳᠴᠦ ᠡᠭᠦᠳᠦᠨ ᠪᠦᠲᠦᠭᠡᠵᠦ᠂ ᠵᠣᠷᠢᠭᠲᠠᠶ ᠪᠠᠷ ᠡᠭᠦᠳᠦᠯᠳᠠ ᠬᠢᠳᠡᠭ ᠬᠦᠰᠡᠯ ᠵᠡᠭᠦᠳᠦ ᠶᠢᠨ ᠢᠶᠠᠨ ᠲᠡᠮᠡᠤᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠶ︔ ᠡᠷᠡᠭᠦᠯ ᠴᠢᠭᠢᠷᠠᠭ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠬᠠᠳᠠᠨ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠠᠯᠲᠠ ᠪᠠᠷ ᠰᠤᠯᠢᠬᠤ ᠦᠬᠡᠢ ᠪᠠᠭ᠎ᠠ ᠨᠠᠰᠤᠨ ᠳᠠᠭᠠᠨ ᠬᠤᠪᠢ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠪᠠᠭᠠᠴᠤᠳ ᠬᠡᠥᠬᠡᠳ ᠢ ᠨᠠᠩ ᠰᠠᠶᠢᠨ ᠦᠰᠬᠡᠨ ᠪᠤᠶᠢᠵᠢᠭᠤᠯᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠪᠠᠭᠠᠴᠤᠳ ᠬᠡᠥᠬᠡᠳ ᠢ ᠬᠠᠯᠠᠮᠵᠢᠯᠠᠨ ᠬᠠᠶᠢᠷᠠᠯᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠎ ᠢ ᠴᠢᠬᠤᠯᠠᠴᠢᠯᠠᠨ ᠳᠡᠮᠵᠢᠬᠦ ᠬᠡᠷᠡᠭᠲᠡᠶ᠃ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠨᠢ ᠪᠠᠭᠠᠴᠤᠳ ᠤᠨ ᠬᠤᠰᠢᠭᠤᠴᠢ ᠠᠩᠭᠢ ᠶᠢᠨ ᠪᠦᠲᠦᠭᠡᠯᠴᠢ ᠴᠢᠨᠠᠷᠲᠠᠶ ᠪᠠᠷ ᠠᠵᠢᠯ ᠥᠷᠨᠢᠭᠦᠯᠬᠦ ᠶᠢ ᠳᠠᠮᠵᠢᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠤᠮᠳᠠᠳᠤ ᠪᠠᠭ᠎ᠠ ᠰᠤᠷᠭᠠᠭᠤᠯᠢ ᠨᠢ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠳᠡᠭᠡᠨ ᠣᠷᠣᠭᠤᠯᠵᠤ᠂ ᠭᠡᠷ ᠪᠦᠯᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠦᠯᠬᠦᠮᠳᠡᠨ ᠬᠠᠮᠵᠢᠯᠴᠠᠵᠤ᠂ ᠪᠠᠭᠠᠴᠤᠳ ᠬᠡᠥᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠤᠷᠴᠢᠨ ᠡᠭᠦᠳᠴᠤ ᠦᠭᠭᠦ ᠬᠡᠷᠡᠭᠲᠡᠶ᠃ ᠪᠦᠬᠦ ᠣᠷᠣᠨ ᠤ ᠡᠯ᠎ᠡ ᠱᠠᠲᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠥᠷᠭᠡᠨ ᠣᠯᠠᠨ ᠪᠠᠭᠠᠴᠤᠳ ᠬᠡᠥᠬᠡᠳ ᠢ ᠰᠠᠶᠢᠳᠤᠷ ᠪᠦᠯᠬᠦᠮᠳᠡᠬᠦᠯᠵᠥ ᠰᠠᠶᠢᠳᠤᠷ ᠬᠦᠮᠦᠵᠢᠬᠦᠯᠵᠥ ᠰᠠᠶᠢᠳᠤᠷ ᠳᠠᠶᠢᠴᠢᠯᠠᠬᠤ ᠬᠡᠷᠡᠭᠳᠡᠢ᠃ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠤᠭᠤᠳᠤᠬᠴᠢ ᠪᠣᠯᠤᠨ ᠪᠠᠭᠠᠴᠤᠳ ᠬᠡᠥᠬᠡᠳ ᠤᠨ ᠠᠵᠢᠯᠳᠠᠳ ᠦᠷᠦᠬᠡᠯ ᠤᠨ ᠲᠦᠯᠦᠬᠡ ᠦᠪᠡᠷ ᠢ  ᠪᠠᠨ ᠦᠷᠡᠭᠳᠡᠬᠦᠯᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠣᠳᠣᠨ ᠬᠢᠯᠪᠠᠭ᠎ᠠ ᠲᠠᠢ ᠭᠠᠯ ᠪᠠᠮᠪᠠᠷ ᠤᠨ ᠦᠢᠯᠡᠰ ᠲᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号